ᠡᠵᠡᠨ᠎ᠡ ᠬᠤᠰᠢᠭᠤᠨ ᠤ ᠶᠡᠭᠡ ᠨᠡᠭᠦᠳᠡᠯ ᠤᠨ ᠳᠠᠯᠬᠡᠨ ᠦᠵᠡᠭᠦᠯᠦᠯᠭᠡ ᠶᠢᠨ ᠣᠷᠳᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠰᠢᠪᠲᠤᠷᠭᠠᠨ ᠳᠠᠭᠠᠨ ᠣᠷᠣᠪᠠ
ᠨᠡᠶᠢᠲᠡᠯᠡᠭᠰᠡᠨ ᠴᠠᠭ᠄
2022/12/14
      ᠡᠵᠡᠨ᠎ᠡ ᠬᠤᠰᠢᠭᠤᠨ ᠤ ᠶᠡᠭᠡ ᠨᠡᠭᠦᠳᠡᠯ ᠤᠨ ᠳᠠᠯᠬᠡᠨ ᠦᠵᠡᠭᠦᠯᠦᠯᠭᠡ ᠶᠢᠨ ᠣᠷᠳᠣᠨ ᠤ ᠲᠦᠷᠦᠯ ᠵᠦᠢᠯ ᠨᠢ ᠡᠵᠡᠨ᠎ᠡ ᠬᠤᠰᠢᠭᠤᠨ ᠤ ᠳ᠋ᠥᠩᠹᠧᠩ ᠪᠠᠯᠭᠠᠰᠤᠨ ᠤ ᠪᠣᠷᠤᠠᠭᠤᠯᠠ ᠭᠠᠴᠠᠭᠠᠨ ᠳᠤ ᠪᠠᠶᠢᠭᠤᠯᠤᠭᠳᠠᠵᠤ᠂ ᠣᠳᠣᠬᠠᠨ ᠪᠣᠯᠬᠤ ᠳᠤ ᠲᠤᠰ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠨᠢᠭᠡᠨᠳᠡ ᠰᠢᠪᠲᠤᠷᠭᠠᠨ ᠳᠠᠭᠠᠨ ᠣᠷᠣᠭᠰᠠᠨ ᠪᠠᠶᠢᠨ᠎ᠠ᠃      ᠰᠢᠨ᠎ᠡ ᠳᠤᠮᠳᠠᠳᠤ ᠤᠯᠤᠰ ᠤᠨ ᠠᠩᠬᠠᠳᠠᠭᠴᠢ ᠶᠡᠷᠦᠩᠬᠡᠶᠢᠯᠡᠭᠰᠡᠨ ᠴᠢᠨᠠᠷᠲᠠᠢ ᠵᠠᠯᠠᠭᠤᠷᠲᠤ ᠰᠤᠮᠤ ᠶᠢᠨ ᠲᠤᠷᠰᠢᠯᠲᠠ ᠶᠢᠨ ᠬᠠᠷᠪᠤᠯᠲᠠ ᠶᠢᠨ ᠲᠠᠯᠠᠪᠠᠶ ᠶᠢ ᠪᠠᠶᠢᠭᠤᠯᠬᠤ ᠶᠢᠨ ᠲᠥᠯᠥᠭᠡ᠂ 1958 ᠣᠨ ᠳᠤ ᠡᠵᠡᠨ᠎ᠡ ᠶᠢᠨ ᠠᠷᠠᠳ ᠲᠥᠮᠡᠨ ᠬᠠᠮᠤᠭ ᠤᠨ ᠥᠭ ᠰᠢᠮᠡᠯᠢᠭ ᠨᠣᠳᠤᠭ ᠪᠡᠯᠴᠢᠭᠡᠷ ᠢᠶᠠᠨ ᠡᠬᠡ ᠤᠯᠤᠰ ᠤᠨ ᠪᠠᠲᠤᠯᠠᠨ       ᠬᠠᠮᠠᠭᠠᠯᠠᠯᠲᠠ ᠶᠢᠨ ᠥᠢᠯᠡᠰ ᠲᠤ ᠰᠤᠯᠠᠯᠠᠨ ᠥᠭᠴᠤ᠂ ᠵᠠᠰᠠᠭ ᠶᠢᠨ ᠤᠷᠳᠤᠨ ᠪᠠᠨ ᠭᠤᠷᠪᠠᠨᠲᠠ ᠨᠡᠭᠦᠯᠭᠡᠵᠤ᠂ ᠡᠬᠡ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠲᠤ ᠯᠤᠲᠤ ᠶᠡᠭᠡ ᠬᠤᠪᠢ ᠨᠡᠮᠡᠷᠢ ᠥᠵᠡᠬᠦᠯᠪᠡ᠃ 60 ᠭᠠᠷᠤᠢ ᠵᠢᠯ ᠤᠨ ᠲᠤᠷᠰᠢᠬᠢ ᠴᠡᠷᠢᠭ ᠠᠷᠠᠳ᠂ ᠰᠠᠭᠤᠷᠢᠨ ᠭᠠᠵᠠᠷ ᠪᠤᠯᠤᠨ ᠭᠠᠵᠠᠷ ᠤᠷᠤᠨ ᠤ ᠰᠠᠨᠰᠠᠷ ᠥᠢᠯᠡᠰ ᠲᠤ ᠡᠷᠭᠦᠭᠰᠡᠨ ᠠᠭᠤᠤ ᠶᠡᠭᠡ ᠲᠡᠤᠬᠡ ᠶᠢ ᠲᠡᠮᠳᠡᠭᠯᠡᠨ ᠲᠤᠷᠠᠰᠬᠠᠬᠤ ᠵᠢᠴᠢ ᠬᠤᠪᠢᠰᠬᠠᠯ ᠶᠢᠨ ᠰᠢᠯᠢᠳᠡᠭ ᠤᠯᠠᠮᠵᠢᠯᠠᠯ᠂ ᠥᠪ ᠰᠤᠶᠤᠯ ᠢ ᠰᠠᠶᠢᠲᠤᠷ ᠬᠠᠮᠠᠭᠠᠯᠠᠬᠤ ᠶᠢᠨ ᠳᠤᠰᠠᠳᠠ᠂ ᠳ᠋ᠥᠩᠹᠧᠩ ᠪᠠᠯᠭᠠᠰᠣᠨ ᠤ ᠪᠤᠷᠤᠠᠭᠤᠯᠠ  ᠭᠠᠴᠠᠭᠠᠨ ᠳᠤ ᠡᠵᠡᠨ᠎ᠡ ᠬᠤᠰᠢᠭᠤᠨ ᠤ ᠶᠡᠭᠡ ᠨᠡᠭᠦᠳᠡᠯ ᠤᠨ ᠳᠠᠯᠬᠡᠨ ᠦᠵᠡᠭᠦᠯᠦᠯᠭᠡ ᠶᠢᠨ ᠣᠷᠳᠣᠨ ᠢ ᠪᠠᠶᠢᠭᠤᠯᠪᠠ᠃ ᠲᠤᠰ ᠲᠡᠯᠭᠡᠨ ᠦᠵᠡᠭᠦᠯᠦᠯᠭᠡ ᠶᠢᠨ ᠣᠷᠳᠣᠨ ᠨᠢ ᠲᠤᠬᠠᠢ ᠶᠢᠨ ᠵᠢᠯ ᠤᠨ ᠲᠡᠦᠬᠡ ᠶᠢᠨ ᠪᠢᠴᠢᠭ ᠮᠠᠲ᠋ᠧᠷᠢᠶᠠᠯ ᠢ ᠪᠦᠷᠢᠨ ᠳᠡᠯᠭᠡᠨ ᠥᠵᠡᠭᠦᠯᠬᠦ᠂ ᠲᠡᠤᠬᠡᠨ ᠥᠯᠢᠭᠡᠷ ᠶᠢ ᠪᠥᠷᠢᠨ ᠪᠥᠲᠥᠨ ᠶᠠᠷᠢᠬᠤ ᠶᠢ ᠬᠢᠴᠢᠶᠡᠬᠦ ᠶᠢᠨ ᠬᠠᠮᠲᠤ ᠡᠵᠡᠨ᠎ᠡ ᠬᠤᠰᠢᠭᠤᠨ ᠤ ᠵᠠᠰᠠᠭ ᠶᠢᠨ ᠣᠷᠳᠤᠨ ᠤ ᠬᠠᠭᠤᠴᠢᠨ ᠪᠠᠭᠤᠷᠢ ᠶᠢᠨ ᠲᠥᠷᠰᠤ ᠪᠠᠶᠢᠳᠠᠯ ᠢ ᠰᠡᠷᠭᠦᠭᠡᠨ ᠥᠵᠡᠭᠦᠯᠭᠦ ᠪᠤᠯᠤᠨ᠎ᠠ᠃      ᠳᠡᠯᠭᠡᠨ ᠦᠵᠡᠭᠦᠯᠬᠦ ᠣᠷᠳᠣᠨ ᠤ ᠲᠥᠷᠥᠯ ᠵᠦᠢᠯ ᠤᠨ ᠬᠠᠷᠢᠭᠤᠴᠠᠯᠭᠠᠲᠠᠨ ᠯᠢ ᠼᠦᠩ ᠵᠢᠶᠦ᠋ᠨ᠄ ︽ᠤᠤᠯ ᠤᠨ ᠵᠢᠷᠤᠭ ᠲᠥᠯᠥᠪᠯᠡᠭᠡ ᠶᠢ ᠥᠨᠳᠣᠰᠣᠯᠠᠵᠦ ᠪᠠᠶᠢᠭᠠᠳ ᠡᠭᠦᠳᠤᠨ ᠪᠥᠲᠥᠭᠡᠬᠦ ᠪᠣᠯᠣᠨ᠎ᠠ᠃ ᠣᠳᠣ ᠠᠵᠢᠯ ᠲᠡᠯᠭᠡᠨ ᠪᠠᠶᠢᠷᠢᠯᠠᠭᠤᠯᠬᠤ ᠱᠠᠲᠤᠨ ᠳᠠᠭᠠᠨ ᠤᠷᠤᠵᠤ ᠂ ᠪᠠᠷᠤᠭ 12 ᠳ᠋ᠤᠭᠠᠷ ᠰᠠᠷ᠎ᠠ ᠶᠢᠨ ᠳᠣᠮᠳᠠᠴᠢ ᠪᠠᠷ ᠦᠨᠳᠦᠰᠦᠨ ᠳᠡᠭᠡᠨ  ᠳᠠᠭᠤᠰᠬᠤ ᠪᠤᠯᠤᠨ᠎ᠠ︾ ᠭᠡᠪᠡ᠃      ᠡᠵᠡᠨ᠎ᠡ ᠬᠤᠰᠢᠭᠤᠨ ᠤ ᠶᠡᠭᠡ ᠨᠡᠭᠦᠳᠡᠯ ᠤᠨ ᠳᠠᠯᠬᠡᠨ ᠦᠵᠡᠭᠦᠯᠦᠯᠭᠡ ᠶᠢᠨ ᠣᠷᠳᠣᠨ ᠤ ᠲᠦᠷᠦᠯ ᠵᠦᠢᠯ ᠤᠨ ᠶᠡᠷᠦᠩᠬᠡᠢ ᠲᠥᠰᠥᠪ 428.5 ᠲᠦᠮᠡᠨ ᠲᠥᠭᠦᠷᠢᠭ ᠲᠤ ᠬᠦᠷᠴᠦ᠂ ᠣᠷᠳᠣᠨ ᠤ ᠳᠣᠲᠣᠷ᠎ᠠ ᠵᠢᠷᠭᠤᠭᠠᠨ ᠶᠡᠭᠡ ᠣᠷᠣᠨ ᠬᠤᠪᠢᠶᠠᠵᠤ᠂ ᠵᠢᠦᠢ ᠶᠠᠨ ᠤ ᠬᠤᠯᠤᠰᠤᠨ ᠪᠢᠴᠢᠭ ᠠᠴᠠ ᠬᠤᠪᠢᠯᠭᠠᠨ ᠨᠢᠰᠬᠦ ᠣᠩᠭᠤᠴᠠ ᠶᠢ ᠪᠠᠭᠲᠠᠭᠠᠭᠰᠠᠨ ᠡᠵᠡᠨ᠎ᠡ ᠬᠤᠰᠢᠭᠤᠨ ᠤ ᠲᠡᠦᠬᠡ ᠪᠣᠯᠣᠨ ᠣᠷᠣᠨ ᠨᠤᠲᠤᠭ ᠤᠨ ᠵᠠᠩ ᠦᠢᠯᠡ ᠶᠢ ᠪᠦᠬᠦ ᠲᠠᠯ᠎ᠠ ᠪᠠᠷ ᠳᠡᠯᠭᠡᠨ ᠦᠵᠡᠭᠦᠯᠬᠦ ᠪᠣᠯᠣᠨ᠎ᠠ᠃ ᠮᠥᠨᠴᠦ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠠᠰᠢᠭᠯᠠᠨ᠂ ᠬᠤᠪᠢᠰᠬᠠᠯ ᠤᠨ ᠲᠡᠤᠬᠡ ᠶᠢᠨ ᠡᠬᠢ ᠪᠠᠶᠠᠯᠢᠭ ᠢ ᠭᠦᠨ ᠠᠭᠤᠳᠠᠯᠵᠤ᠂ ᠲᠤᠬᠠᠢ ᠶᠢᠨ ᠭᠠᠵᠠᠷ ᠤᠨ ᠰᠠᠨᠰᠠᠷ ᠠᠶᠠᠯᠠᠯ ᠤᠨ ᠡᠬᠢ ᠪᠠᠶᠠᠯᠢᠭ ᠪᠠ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠳᠠᠶᠢᠴᠢᠯᠠᠨ᠂ ᠡᠵᠡᠨ᠎ᠡ ᠶᠢᠨ ᠣᠨᠴᠠᠯᠢᠭ ᠲᠠᠢ ᠮᠥᠷᠲᠡᠭᠡᠨ ᠤᠯᠤᠰ ᠲᠤ ᠨᠥᠯᠥᠭᠡ ᠲᠠᠢ ᠬᠤᠪᠢᠰᠬᠠᠯ ᠤᠨ ᠲᠡᠤᠬᠡ ᠰᠣᠶᠣᠯ ᠤᠨ ᠠᠵᠤ ᠦᠢᠯᠡᠰ ᠤᠨ ᠰᠢᠨ᠎ᠡ ᠨᠠᠷᠠᠲᠤ ᠳᠡᠮᠳᠡᠭ ᠢ ᠡᠭᠦᠳᠬᠦ  ᠪᠣᠯᠭᠠᠨ᠎ᠠ᠃      ᠳ᠋ᠥᠩᠹᠧᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠯᠲᠠᠨᠭᠤᠸ᠎ᠠ᠄ ︽ᠡᠵᠡᠨ᠎ᠡ ᠬᠤᠰᠢᠭᠤᠨ ᠤ ᠶᠡᠭᠡ ᠨᠡᠭᠦᠳᠡᠯ ᠤᠨ ᠳᠠᠯᠬᠡᠨ ᠦᠵᠡᠭᠦᠯᠦᠯᠭᠡ ᠶᠢᠨ ᠣᠷᠳᠣᠨ ᠢ ᠪᠠᠶᠢᠭᠤᠯᠤᠭᠰᠠᠨ ᠤ ᠳᠠᠷᠠᠭ᠎ᠠ᠂ ᠳ᠋ᠥᠩᠹᠸᠡᠩ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠬᠥᠰᠢᠶ᠎ᠡ ᠶᠢᠨ ᠬᠦᠷᠢᠶᠡᠯᠡᠩ᠂ ᠳ᠋ᠦᠩ ᠹᠠᠩ ᠬᠤᠩ ᠬᠠᠷᠪᠤᠯᠲᠠ ᠶᠢᠨ ᠵᠢᠶᠠᠰᠠ ᠵᠡᠷᠭᠡ ᠬᠤᠪᠢᠰᠬᠠᠯ ‍ᠤᠨ‌‍ᠲ᠋ᠡᠤᠬᠡ ᠶᠢᠨ ᠡᠬᠢ ᠪᠠᠶᠠᠯᠢᠭ ᠲᠠᠢ ᠤᠶᠠᠯᠳᠤᠭᠤᠯᠤᠨ ᠬᠤᠪᠢᠰᠬᠠᠯ ᠤᠨ ᠲᠡᠤᠬᠡ ᠰᠤᠶᠤᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠥᠷᠭᠡᠨ ᠣᠯᠠᠨ ᠵᠢᠭᠤᠯᠴᠢᠯᠠᠭᠴᠢᠳ ᠲᠤ ᠡᠵᠡᠨ᠎ᠡ ᠶᠢᠨ ᠡᠬᠡ ᠭᠠᠵᠠᠷ ᠲᠤ ᠪᠣᠯᠣᠭᠰᠠᠨ ᠬᠤᠪᠢᠰᠬᠠᠯ ᠤᠨ ᠲᠡᠦᠬᠡ ᠪᠠ ᠬᠤᠪᠢᠰᠬᠠᠯ ᠤᠨ ᠰᠢᠯᠢᠳᠡᠭ ᠤᠯᠠᠮᠵᠢᠯᠠᠯ ᠢ ᠶᠠᠷᠢᠵᠤ᠂ ᠡᠵᠡᠨ᠎ᠡ ᠲᠤᠷᠭᠤᠳᠴᠤᠳ ᠤᠨ ᠠᠷᠠᠳ ᠤᠯᠠᠨ ᠤ ᠬᠠᠷᠠᠮ ᠦᠭᠡᠢ ᠵᠣᠷᠢᠭ ᠰᠠᠨᠠᠭ᠎ᠠ ᠶᠢ ᠰᠠᠶᠢᠳᠤᠷ ᠤᠯᠠᠮᠵᠢᠯᠠᠨ᠂ ᠡᠵᠡᠨ᠎ᠡ ᠬᠤᠰᠢᠭᠤᠨ ᠤ ᠰᠠᠨᠰᠠᠷ ᠤᠨ ᠠᠶᠠᠯᠠᠯ ᠤᠨ ᠵᠢᠭᠤᠯᠴᠢᠯᠠᠯ ᠤᠨ ᠲᠦᠷᠦᠯ ᠲᠡᠮᠳᠡᠭ ᠪᠣᠯᠣᠨ ᠬᠤᠪᠢᠰᠬᠠᠯ ᠤᠨ ᠬᠥᠮᠦᠵᠢᠯ ᠤᠨ ᠰᠠᠭᠤᠷᠢᠨ ᠤ ᠠᠯᠳᠠᠷᠰᠢᠯ ᠢ ᠡᠭᠦᠳᠦᠬᠦ ᠪᠣᠯᠣᠨ᠎ᠠ︾ ᠭᠡᠪᠡ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号