ᠡᠵᠡᠨ᠎ᠡ ᠬᠤᠰᠢᠭᠤᠨ ᠳᠤ ᠡᠶᠢᠮᠦ ᠨᠢᠭᠡᠨ ᠡᠶᠡᠳᠡᠭᠦᠯᠦᠭᠴᠢ ᠶᠢᠨ ᠠᠩᠭᠢ ᠪᠤᠢ᠃ ᠲᠡᠳᠡ ᠮᠠᠨᠢ ᠵᠦᠷᠢᠴᠡᠯ | ᠵᠢᠭᠤᠷᠠᠯᠳᠤᠭᠠᠨ ᠤ ᠡᠮᠦᠨ᠎ᠡ ᠬᠦᠯᠢᠴᠡᠩᠭᠦᠢ ᠨᠢᠮᠪᠠᠢ ᠬᠠᠨᠳᠤᠵᠤ᠂ ᠲᠤᠬᠠᠶᠢᠯᠠᠭᠰᠠᠨ ᠠᠵᠢᠯ ᠳᠠᠭᠠᠨ ᠬᠠᠷᠠᠮ ᠦᠭᠡᠢ | ᠵᠢᠳᠭᠦᠨ᠎ᠡ᠃ ᠲᠡᠳᠡ ᠪᠤᠯ ᠳᠠᠷᠤᠢ ᠡᠵᠡᠨ᠎ᠡ ᠬᠤᠰᠢᠭᠤᠨ ᠤ ᠠᠷᠠᠳ ᠤᠨ ᠰᠢᠬᠦᠭᠦ ᠬᠤᠷᠢᠶᠠᠨ ᠠᠴᠠ ᠤᠨᠴᠠᠯᠠᠨ | ᠤᠷᠢᠭᠰᠠᠨ ᠡᠶᠡᠳᠡᠭᠦᠯᠦᠭᠴᠢ᠂ ᠠᠷᠠᠳ ᠤᠨ ᠲᠦᠯᠦᠭᠡ ᠬᠠᠤᠯᠢ ᠪᠠᠷᠢᠬᠤ ᠰᠡᠳᠭᠢᠯᠭᠡ ᠶᠢ ᠪᠤᠳᠠᠳᠤ | ᠠᠵᠢᠯᠯᠠᠭ᠎ᠠ ᠪᠠᠷ ᠢᠶᠠᠨ ᠣᠯᠠᠨ᠎ᠠ ᠬᠠᠷᠠᠭᠤᠯᠵᠤ᠂ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠶᠢᠨ ᠠᠵᠢᠯ ᠢ ᠬᠢᠵᠦ | ᠣᠯᠠᠨ ᠲᠦᠮᠡᠨ ᠳᠤ ᠲᠥᠭᠦᠮ ᠥᠵᠡᠭᠦᠯᠥᠨ᠎ᠡ᠃ | ᠡᠵᠡᠨ᠎ᠡ ᠬᠤᠰᠢᠭᠤᠨ ᠤ ᠠᠷᠠᠳ ᠤᠨ ᠰᠢᠬᠦᠭᠦ ᠬᠤᠷᠢᠶᠠᠨ ᠠᠴᠠ ᠤᠨᠴᠠᠯᠠᠨ ᠤᠷᠢᠭᠰᠠᠨ ᠡᠶᠡᠳᠡᠭᠦᠯᠦᠭᠴᠢ ᠪᠠᠢ | ᠢᠦᠢ ᠮᠧᠢ᠄ ︽ᠨᠠᠮ᠎ᠠ ᠶᠢ ᠪᠠᠢ ᠢᠦᠢ ᠮᠧᠢ ᠭᠡᠳᠡᠭ᠂ 2022 ᠤᠨ ᠤ 8 ᠰᠠᠷ᠎ᠠ ᠠᠴᠠ ᠡᠶᠡᠳᠡᠭᠦᠯᠬᠦ ᠲᠦᠪ ᠲᠤ | ᠢᠷᠡᠵᠦ ᠠᠵᠢᠯᠯᠠᠭᠰᠠᠨ᠂ ᠤᠳᠤ ᠪᠤᠯᠲᠠᠯ᠎ᠠ ᠪᠠᠷᠤᠭ ᠬᠤᠷᠢ ᠭᠠᠷᠤᠢ ᠬᠡᠷᠡᠭ ᠢ ᠰᠢᠢᠳᠪᠦᠷᠢᠯᠡᠭᠡᠳ ᠪᠠᠶᠢᠨ᠎ᠠ᠂ | ᠡᠭᠦᠨ ᠳᠤ 60%-70% ᠤᠨ ᠬᠡᠷᠡᠭ ᠢ ᠠᠮᠵᠢᠯᠲᠠᠲᠠᠢ ᠡᠶᠡᠳᠡᠭᠦᠯᠵᠦ ᠴᠢᠳᠠᠭᠰᠠᠨ︾ ᠭᠡᠵᠦ ᠪᠠᠶᠢᠯ᠎ᠠ᠃ | 66 ᠨᠠᠰᠤ ᠲᠠᠢ ᠪᠠᠢ ᠢᠦᠢ ᠮᠧᠢ ᠪᠤᠯ ᠠᠮᠦᠷ ᠲᠦᠪᠰᠢᠨ ᠤ ᠲᠤᠪᠴᠢᠶᠠᠨ ᠠᠴᠠ ᠠᠵᠢᠯ ᠤᠨ ᠠᠮᠠᠷᠠᠯᠲᠠ ᠪᠠᠨ | ᠠᠪᠤᠭᠰᠠᠨ ᠺᠠᠳ᠋ᠷ᠂ ᠮᠦᠨᠴᠦ ᠨᠢᠭᠡᠨ ᠠᠬᠠᠮᠠᠳ ᠨᠠᠮ ᠤᠨ ᠭᠡᠰᠢᠭᠦᠨ ᠪᠤᠯᠤᠨ᠎ᠠ᠃ ᠤᠷᠲᠤ ᠬᠤᠭᠤᠴᠠᠭ᠎ᠠ ᠦᠨᠳᠦᠰᠦᠨ | ᠱᠠᠲᠤᠨ ᠳᠤ ᠠᠵᠢᠯᠯᠠᠵᠤ᠂ ᠪᠠᠶᠠᠯᠢᠭ ᠲᠤᠷᠰᠢᠯᠭ᠎ᠠ ᠬᠤᠷᠠᠮᠳᠤᠭᠤᠯᠤᠭᠰᠠᠨ ᠲᠡᠷᠡ ᠮᠠᠨᠢ ᠬᠠᠤᠯᠢ ᠴᠠᠭᠠᠵᠠ ᠶᠢᠨ | ᠶᠠᠪᠤᠴᠠ ᠶᠢ ᠰᠠᠶᠢᠨ ᠤᠶᠢᠯᠠᠭᠠᠳᠠᠭ ᠮᠦᠷᠲᠡᠭᠡᠨ ᠣᠪᠤᠷ ᠰᠠᠶᠢᠨ᠂ ᠠᠵᠢᠯ ᠳᠠᠭᠠᠨ ᠬᠢᠨᠠᠮᠠᠭᠠᠢ ᠪᠠᠶᠢᠵᠤ᠂ ᠤᠯᠠᠨ | ᠲᠦᠮᠡᠨ ᠲᠠᠢ ᠬᠠᠯᠠᠮᠰᠠᠭ ᠢᠶᠠᠷ ᠬᠠᠷᠢᠯᠴᠠᠵᠤ᠂ ᠪᠠᠶᠢᠳᠠᠯ ᠢ ᠨᠠᠷᠢᠨ ᠣᠶᠢᠯᠠᠭᠠᠵᠤ ᠠᠰᠠᠭᠤᠳᠠᠯ ᠢ ᠬᠢᠨᠠᠮᠠᠭᠠᠢ ᠵᠠᠳᠠᠯᠵᠤ᠂ | ᠤᠳᠠᠭ᠎ᠠ ᠪᠤᠯᠭᠠᠨ ᠤ ᠡᠶᠡᠳᠡᠭᠦᠯᠭᠡ ᠶᠢᠨ ᠠᠵᠢᠯ ᠤᠨ ᠳᠤᠮᠳᠠ᠂ ᠠᠰᠠᠭᠤᠳᠠᠯ ᠢ ᠦᠨᠳᠦᠰᠦᠨ ᠠᠴᠠ ᠨᠢ ᠵᠠᠳᠠᠯᠵᠤ᠂ | ᠲᠤᠬᠠᠢ ᠶᠢᠨ ᠬᠦᠮᠦᠨ ᠤ ᠲᠠᠯ᠎ᠠ ᠠᠴᠠ ᠢᠯᠡᠭᠦᠬᠡᠨ ᠪᠤᠳᠤᠯᠬᠢᠯᠠᠨ᠂ ᠡᠯ᠎ᠡ ᠲᠦᠷᠦᠯ ᠤᠨ ᠠᠰᠠᠭᠤᠳᠠᠯ ᠢ ᠰᠡᠳᠭᠢᠯ | ᠬᠠᠨᠤᠮᠵᠢᠲᠠᠢ ᠪᠣᠯᠭᠠᠨ ᠰᠢᠢᠳᠪᠦᠷᠢᠯᠡᠳᠡᠭ᠃ | ᠡᠵᠡᠨ᠎ᠡ ᠬᠤᠰᠢᠭᠤᠨ ᠤ ᠠᠷᠠᠳ ᠤᠨ ᠰᠢᠬᠦᠭᠦ ᠬᠤᠷᠢᠶᠠᠨ ᠠᠴᠠ ᠤᠨᠴᠠᠯᠠᠨ ᠤᠷᠢᠭᠰᠠᠨ ᠡᠶᠡᠳᠡᠭᠦᠯᠦᠭᠴᠢ ᠪᠠᠢ | ᠢᠦᠢ ᠮᠧᠢ᠄ ︽ᠲᠤᠰᠴᠦ ᠠᠪᠤᠭᠰᠠᠨ ᠬᠡᠷᠡᠭ ᠤᠨ ᠳᠤᠮᠳᠠ ᠤᠯᠠᠨ ᠶᠠᠩᠵᠤ ᠶᠢᠨ ᠬᠡᠷᠡᠭ ᠪᠠᠶᠢᠳᠠᠭ᠂ ᠪᠠᠰᠠ ᠤᠯᠠᠨ | ᠵᠦᠢᠯ ᠤᠨ ᠬᠦᠮᠦᠰ ᠲᠠᠢ ᠵᠦᠩᠳᠡᠭᠡᠨ ᠬᠠᠷᠢᠴᠠᠳᠠᠭ᠃ ᠪᠢᠳᠠ ᠲᠡᠲᠡᠨ ᠳᠤ ᠠᠳᠠᠯᠢ ᠲᠡᠭᠰᠢ ᠪᠠᠷ ᠬᠠᠨᠳᠤᠵᠤ᠂ ᠤᠴᠢᠷ | ᠶᠠᠪᠤᠳᠠᠯ ᠢ ᠨᠢ ᠬᠠᠤᠯᠢ ᠶᠣᠰᠣᠭᠠᠷ ᠲᠥᠪ ᠭᠤᠣᠯᠴᠢ ᠰᠡᠶᠢᠳᠪᠥᠷᠢᠯᠡᠬᠦ ᠶᠢ ᠵᠣᠷᠢᠳᠠᠭ ᠪᠣᠯᠬᠤᠷ ᠬᠡᠷᠡᠭ ᠰᠡᠶᠢᠳᠪᠥᠷᠢᠯᠡᠬᠦ | ᠨᠤᠷᠮ᠎ᠠ ᠳᠡᠭᠡᠭᠰᠢᠯᠡᠨ᠎ᠡ᠂ ᠮᠠᠨ ᠤ ᠠᠳᠡ ᠤᠯᠠᠩᠬᠢ ᠨᠢ ᠪᠠᠰᠠ ᠮᠤᠩᠭᠤᠯ ᠦᠨᠳᠦᠰᠦᠲᠡᠨ ᠪᠤᠯᠬᠤ ᠪᠠᠷ ᠬᠤᠤᠰ ᠬᠡᠯᠡ | ᠲᠠᠢ ᠠᠵᠢᠯᠲᠠᠨ ᠪᠤᠢ᠂ ᠲᠡᠳᠡᠨᠡᠷ ᠪᠦᠷ ᠶᠡᠭᠡ ᠲᠡᠪᠴᠢᠶᠡᠷᠢ ᠲᠠᠢ ᠠᠵᠢᠯᠯᠠᠳᠠᠭ᠂ ᠵᠠᠷᠢᠮ ᠦᠶ᠎ᠡ ᠳᠡᠭᠡᠨ ᠪᠦᠷ ᠭᠡᠷ ᠲᠤᠨᠢ | ᠤᠴᠢᠨ᠎ᠠ᠂ ᠡᠨᠡ ᠨᠢ ᠪᠦᠷ ᠵᠦᠷᠢᠴᠡᠯ ᠵᠠᠭᠤᠷᠤᠯᠳᠤᠭᠠᠨ ᠢ ᠪᠠᠭᠠᠰᠬᠠᠬᠤ ᠶᠢᠨ ᠲᠦᠯᠦᠭᠡ ᠶᠤᠮ︾ ᠭᠡᠵᠦ ᠪᠠᠶᠢᠯ᠎ᠠ᠃ | ᠡᠵᠡᠨ᠎ᠡ ᠬᠤᠰᠢᠭᠤᠨ ᠤ ᠠᠷᠠᠳ ᠤᠨ ᠰᠢᠬᠦᠭᠦ ᠬᠤᠷᠢᠶ᠎ᠠ ᠵᠦᠷᠢᠴᠡᠯ ᠵᠢᠭᠤᠷᠠᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠤᠯᠠᠨ ᠡᠰᠢᠲᠦ ᠲᠤᠭᠲᠠᠴᠠ ᠶᠢ ᠢᠲᠡᠪᠬᠢᠲᠡᠢ ᠪᠠᠷ ᠬᠠᠶᠢᠨ ᠰᠦᠪᠡᠭᠴᠢᠯᠡᠵᠦ᠂ ᠡᠶᠡᠳᠡᠭᠦᠯᠬᠦ | ᠠᠵᠢᠯ ᠤᠨ ᠠᠷᠭ᠎ᠠ ᠪᠠᠨ ᠰᠢᠨᠡᠴᠢᠯᠡᠬᠦ ᠡᠭᠦᠳᠡᠨ ᠠᠴᠠ 2016 ᠤᠨ ᠳᠤ ᠡᠵᠡᠨ᠎ᠡ ᠬᠤᠰᠢᠭᠤᠨ ᠤ ᠠᠷᠠᠳ ᠤᠨ | ᠰᠢᠬᠦᠬᠦ ᠬᠤᠷᠢᠶ᠎ᠠ ᠤᠯᠠᠨ ᠡᠰᠢᠲᠦ ᠡᠶᠡᠳᠡᠭᠦᠯᠬᠦ ᠪᠠᠶᠢᠭᠤᠯᠤᠮᠵᠢ ᠶᠢ ᠪᠠᠶᠢᠭᠤᠯᠤᠨ᠂ ᠡᠩᠨᠡᠭᠡᠨ ᠤ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠠᠷᠠᠳ ᠤᠨ ᠡᠶᠡᠳᠡᠭᠦᠯᠦᠭᠴᠢ ᠶᠢᠨ ᠡᠩᠨᠡᠭᠡᠨ ᠤ ᠬᠦᠴᠦᠨ ᠢ | ᠴᠢᠩᠭᠠᠳᠬᠠᠨ᠂ 2022 ᠤᠨ ᠤ 8 ᠳ᠋ᠤᠭᠠᠷ ᠰᠠᠷ᠎ᠠ ᠳᠤ ᠲᠠᠪᠤᠨ ᠡᠶᠡᠳᠡᠭᠦᠯᠦᠭᠴᠢ ᠶᠢ ᠡᠵᠡᠨ᠎ᠡ ᠬᠤᠰᠢᠭᠤᠨ ᠤ | ᠵᠦᠷᠢᠴᠡᠯ ᠵᠢᠭᠤᠷᠠᠯᠳᠤᠭᠠᠨ ᠤ ᠤᠯᠠᠨ ᠡᠰᠢᠲᠦ ᠡᠶᠡᠳᠡᠭᠦᠯᠦᠭᠴᠢ ᠶᠢᠨ ᠲᠦᠪ ᠲᠤ ᠤᠨᠴᠠᠯᠠᠨ ᠤᠷᠢᠵᠦ | ᠠᠵᠢᠯᠯᠠᠭᠤᠯᠵᠠᠢ᠃ | ᠡᠵᠡᠨ᠎ᠡ ᠬᠤᠰᠢᠭᠤᠨ ᠤ ᠠᠷᠠᠳ ᠤᠨ ᠰᠢᠬᠦᠭᠦ ᠬᠤᠷᠢᠶᠠᠨ ᠠᠴᠠ ᠤᠨᠴᠠᠯᠠᠨ ᠤᠷᠢᠭᠰᠠᠨ ᠡᠶᠡᠳᠡᠭᠦᠯᠦᠭᠴᠢ ᠯᠢᠩ | ᠯᠢᠩ᠄ ︽ᠨᠢᠭᠡᠨ 90 ᠤᠨ ᠤ ᠵᠠᠯᠠᠭᠤ ᠡᠶᠡᠳᠡᠭᠦᠯᠦᠭᠴᠢ ᠪᠤᠯᠤᠭᠰᠠᠨ ᠤ ᠬᠤᠪᠢ ᠳᠤ᠂ ᠶᠠᠭᠤᠨ ᠤ ᠲᠦᠷᠦᠭᠦᠨ ᠳᠤ | ᠵᠦᠷᠢᠴᠡᠯ ᠵᠢᠭᠤᠷᠠᠯᠳᠣᠭᠠᠨ ᠤ ᠡᠶᠡᠳᠡᠭᠦᠯᠦᠭᠴᠢ ᠶᠢᠨ ᠠᠵᠢᠯ ᠶᠢ ᠬᠢᠬᠦ ᠳᠡᠭᠡᠨ ᠡᠷᠬᠡ ᠲᠡᠭᠰᠢ᠂ ᠲᠦᠪ ᠭᠤᠤᠯᠴᠢ | ᠤᠪᠤᠷ ᠢᠶᠠᠷ ᠰᠠᠶᠢᠲᠦᠷ ᠬᠢᠨ᠎ᠡ᠃ ᠮᠢᠨᠦ ᠡᠶᠡᠳᠡᠭᠦᠯᠬᠦ ᠶᠠᠪᠤᠴᠠ ᠳᠤᠮᠳᠠ ᠬᠠᠮᠤᠭ ᠤᠯᠠᠨ ᠲᠠᠭᠠᠷᠠᠯᠳᠤᠭᠰᠠᠨ ᠨᠢ | ᠬᠦᠳᠡᠯᠮᠦᠷᠢ ᠶᠢᠨ ᠦᠢᠯᠡᠴᠢᠯᠡᠭᠡᠨ ᠤ ᠭᠡᠷ᠎ᠡ ᠶᠢᠨ ᠵᠢᠭᠤᠷᠠᠯᠳᠤᠭᠠᠠᠨ᠂ ᠮᠦᠩᠭᠦᠨ ᠭᠦᠢᠯᠭᠡᠭᠡᠨ ᠤ ᠵᠢᠭᠡᠯᠡᠯᠭᠡ ᠶᠢᠨ | ᠵᠢᠭᠤᠷᠠᠯᠳᠤᠭᠠᠠᠨ᠂ ᠡᠶᠢᠮᠦ ᠠᠴᠠ ᠪᠢ ᠦᠷᠭᠦᠯᠵᠢᠯᠡᠨ ᠬᠠᠤᠯᠢ ᠴᠠᠭᠠᠵᠠ ᠶᠢᠨ ᠮᠡᠳᠡᠯᠭᠡ ᠶᠢᠨ ᠰᠤᠷᠤᠯᠴᠠᠯᠭ᠎ᠠ ᠪᠠᠨ | ᠴᠢᠩᠭᠠᠳᠬᠠᠵᠤ᠂ ᠡᠶᠡᠳᠡᠭᠦᠯᠬᠦ ᠠᠵᠢᠯ ᠢᠶᠠᠨ ᠤᠯᠠᠮ ᠰᠠᠶᠢᠨ ᠬᠢᠨ᠎ᠡ︾ ᠭᠡᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠠᠴᠠ | ᠳᠠᠶᠢᠴᠢᠯᠡᠵᠤ᠂ ᠬᠤᠰᠢᠭᠤᠨ ᠤ ᠰᠢᠬᠦᠭᠦ ᠬᠤᠷᠢᠶ᠎ᠠ᠂ ᠬᠠᠤᠯᠢ ᠴᠠᠭᠠᠵᠠ ᠶᠢᠨ ᠲᠤᠪᠴᠢᠶ᠎ᠠ᠂ ᠵᠠᠬᠢᠳᠠᠯ | ᠰᠤᠷᠪᠤᠯᠵᠢᠯᠠᠭ᠎ᠠ ᠶᠢᠨ ᠲᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭᠠᠨ ᠤ | ᠲᠤᠪᠴᠢᠶ᠎ᠠ ᠵᠡᠷᠭᠡ ᠳᠦᠷᠪᠡᠨ ᠨᠢᠭᠡᠴᠡ ᠪᠠᠷ ᠪᠦᠷᠢᠯᠳᠦᠭᠰᠡᠨ ᠡᠵᠡᠨ᠎ᠡ ᠬᠤᠰᠢᠭᠤᠨ ᠤ ᠵᠦᠷᠢᠴᠡᠯ ᠵᠢᠭᠤᠷᠠᠯᠳᠤᠭᠠᠨ ᠤ | ᠤᠯᠠᠨ ᠡᠰᠢᠴᠢᠯᠡᠭᠰᠡᠨ ᠡᠶᠡᠳᠡᠭᠦᠯᠬᠦ ᠲᠦᠪ ︽1+4+N︾ ᠨᠡᠶᠢᠬᠡᠮ ᠤᠨ ᠵᠠᠰᠠᠯᠲᠠ ᠶᠢᠨ ᠬᠡᠪ ᠵᠠᠭᠪᠤᠷ ᠢ | ᠬᠡᠷᠡᠭᠵᠢᠭᠦᠯᠵᠦ᠂ ᠬᠠᠤᠯᠢ ᠴᠠᠭᠠᠵᠠ ᠶᠢᠨ ᠡᠶᠡᠳᠡᠭᠦᠯᠭᠡ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ | ᠡᠶᠡᠳᠡᠭᠦᠯᠭᠡ᠂ ᠵᠠᠰᠠᠭ ᠵᠠᠬᠢᠷᠭᠠᠨ ᠤ ᠬᠦᠨᠳᠡᠯᠡᠨ ᠲᠠᠰᠤᠯᠤᠯᠲᠠ᠂ ᠲᠤᠰᠬᠠᠢ ᠮᠡᠷᠭᠡᠵᠢᠯ ᠤᠨ ᠡᠶᠡᠳᠡᠭᠦᠯᠭᠡ᠂ | ᠬᠦᠳᠡᠯᠮᠦᠷᠢ ᠶᠢᠨ ᠬᠦᠨᠳᠡᠯᠡᠨ ᠲᠠᠰᠤᠯᠤᠯᠲᠠ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠰᠡᠳᠭᠢᠴᠡ ᠶᠢᠨ | ᠯᠠᠪᠯᠠᠯᠭ᠎ᠠ᠂ ᠲᠦᠷᠭᠡᠨ ᠲᠠᠰᠤᠯᠤᠯᠲᠠ ᠵᠡᠷᠭᠡ ᠴᠢᠳᠠᠪᠤᠷᠢ ᠶᠢ ᠲᠦᠪᠯᠡᠷᠡᠭᠦᠯᠦᠨ ᠨᠡᠶᠢᠯᠡᠭᠦᠯᠵᠦ ᠪᠤᠢ᠃ | ᠤᠶᠢᠯᠠᠭᠠᠭᠰᠠᠨ ᠢᠶᠠᠷ᠂ ᠲᠤᠰ ᠲᠦᠪ ᠨᠢ ᠭᠤᠤᠯᠳᠠᠭᠤ ᠵᠦᠷᠢᠴᠡᠯ ᠵᠢᠭᠤᠷᠠᠯᠳᠤᠭᠠᠠᠨ ᠢ ᠤᠷᠢᠳᠴᠢᠯᠠᠨ ᠰᠡᠷᠭᠡᠶᠢᠯᠡᠬᠦ᠂ | ᠬᠦᠯᠢᠶᠡᠨ ᠰᠢᠢᠳᠪᠦᠷᠢᠯᠡᠬᠦ᠂ ᠰᠠᠯᠭᠠᠨ ᠲᠤᠬᠢᠷᠠᠭᠤᠯᠬᠤ᠂ ᠡᠶᠡᠳᠡᠭᠦᠯᠬᠦ ᠪᠠ ᠱᠠᠯᠠᠪᠳᠠᠭᠤᠯᠤᠨ ᠭᠦᠢᠴᠡᠳᠭᠡᠬᠦ ᠵᠡᠷᠭᠡ | ᠠᠵᠢᠯ ᠢ ᠬᠠᠷᠢᠭᠤᠴᠠᠵᠤ ᠪᠠᠶᠢᠭ᠎ᠠ ᠶᠡᠷᠦᠩᠬᠡᠶᠢᠯᠡᠭᠰᠡᠨ ᠪᠠᠶᠢᠭᠤᠯᠤᠮᠵᠢ ᠪᠤᠯᠤᠨ᠎ᠠ᠃ ᠬᠠᠮᠤᠭ ᠲᠦᠷᠦᠭᠦᠨ ᠳᠤ᠂ ᠬᠠᠮᠤᠭ | ᠤᠶᠢᠷᠠᠬᠠᠨ ᠠᠴᠠ᠂ ᠬᠥᠳᠡᠯᠮᠦᠷᠢ ᠬᠦᠴᠦ ᠶᠢ ᠠᠷᠪᠢᠯᠡᠨ᠂ ᠦᠨᠳᠦᠷ ᠦᠷ᠎ᠡ ᠠᠰᠢᠭ ᠢᠶᠠᠷ ᠵᠦᠷᠢᠴᠡᠯ | ᠵᠢᠭᠤᠷᠠᠯᠳᠤᠭᠠᠠᠨ ᠢ ᠰᠢᠢᠳᠪᠦᠷᠢᠯᠡᠵᠦ᠂ ᠤᠠᠯᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠭᠡᠬᠦ ᠳᠤ ᠨᠢᠭᠡᠨ | ᠳᠦᠭᠦᠮ ᠳᠦᠳᠡ ᠲᠦᠷᠭᠡᠨ ᠵᠠᠮ ᠱᠤᠭᠤᠮ ᠢ ᠨᠡᠭᠡᠭᠡᠭᠳᠡᠭᠦᠯᠦᠭᠰᠡᠨ ᠪᠠᠶᠢᠨ᠎ᠠ᠃ ᠤᠶᠢᠯᠠᠭᠠᠭᠰᠠᠨ ᠢᠶᠠᠷ᠂ ᠡᠵᠡᠨ᠎ᠡ | ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠤᠨᠴᠠᠯᠠᠨ ᠤᠷᠢᠭᠰᠠᠨ ᠡᠶᠡᠳᠡᠭᠦᠯᠦᠭᠴᠢ ᠶᠢ ᠤᠷᠢᠵᠦ ᠬᠡᠷᠡᠭᠯᠡᠭᠰᠡᠨ | ᠠᠴᠠ ᠨᠠᠰᠢ᠂ ᠡᠵᠡᠨ᠎ᠡ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠡᠯ᠎ᠡ ᠲᠦᠷᠦᠯ ᠤᠨ ᠬᠡᠷᠡᠭ 458 | ᠬᠤᠪᠢ ᠶᠢ ᠬᠦᠯᠢᠶᠠᠨ ᠠᠪᠴᠤ᠂ ᠡᠭᠦᠨ ᠳᠤ 399 ᠶᠢ ᠨᠢ ᠠᠮᠵᠢᠯᠲᠠᠲᠠᠢ ᠡᠶᠡᠳᠡᠭᠦᠯᠦᠨ᠂ ᠡᠶᠡᠳᠡᠭᠦᠯᠦᠭᠰᠡᠨ ᠨᠤᠷᠮ᠎ᠠ | 74.01% ᠬᠦᠷᠴᠡᠢ᠃ |