ᠮᠠᠨ ᠤ ᠬᠤᠰᠢᠭᠤ ᠡᠨᠡ ᠡᠪᠤᠯ ᠤᠨ ᠠᠩᠬᠠᠨ ᠤ ᠴᠠᠰᠤ ᠪᠠᠨ ᠤᠭᠲᠤᠨ ᠠᠪᠤᠯ᠎ᠠ
ᠨᠡᠶᠢᠲᠡᠯᠡᠭᠰᠡᠨ ᠴᠠᠭ᠄
2022/12/19
      12 ᠳ᠋ᠤᠭᠠᠷ ᠰᠠᠷ᠎ᠠ ᠶᠢᠨ 14᠎ ᠤ ᠡᠳᠦᠷ ᠤᠨ ᠰᠦᠨᠢ ᠠᠴᠠ 15᠎ ᠤ ᠡᠳᠦᠷ ᠤᠨ ᠦᠳᠡ ᠶᠢᠨ ᠡᠮᠦᠨ᠎ᠡ ᠬᠦᠷᠲᠡᠯ᠎ᠡ᠂ ᠪᠦᠬᠦ ᠬᠤᠰᠢᠭᠤᠨ ᠤ ᠡᠯ᠎ᠡ ᠰᠤᠮᠤ ᠪᠠᠯᠭᠠᠰᠤᠨ ᠳᠤ ᠠᠳᠠᠯᠢ ᠪᠤᠰᠤ ᠬᠡᠮᠵᠢᠶ᠎ᠡ ᠪᠠᠷ ᠴᠠᠰᠤ ᠣᠷᠣᠵᠤ᠂       ᠮᠠᠨ ᠤ ᠬᠤᠰᠢᠭᠤ ᠡᠨᠡ ᠵᠢᠯ ᠤᠨ ᠠᠩᠬᠠᠨ ᠤ ᠴᠠᠰᠤ ᠪᠠᠨ ᠤᠭᠲᠤᠨ ᠠᠪᠴᠦ᠂ ᠮᠥᠩᠭᠦᠨ ᠴᠠᠰᠤᠨ ᠳᠤ ᠬᠤᠴᠢᠭᠳᠠᠭᠰᠠᠨ ᠡᠵᠡᠨ᠎ᠡ ᠶᠢᠨ ᠡᠪᠤᠯ ᠶᠢᠨ ᠥᠵᠡᠮᠵᠢ ᠭᠤᠶᠣᠮᠰᠤᠭ ᠬᠠᠷᠠᠭᠳᠠᠨ᠎ᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠴᠠᠰᠤᠨ ᠤ ᠬᠤᠷ᠎ᠠ ᠲᠤᠨᠳᠠᠰᠤᠨ ᠤ ᠬᠡᠮᠵᠢᠶ᠎ᠡ 0.7 ᠮᠢᠯᠢᠮᠧᠲᠷ ᠪᠠᠶᠢᠵᠤ᠂ ᠪᠠᠭ᠎ᠠ ᠬᠡᠮᠵᠢᠶᠡᠨ ᠤ ᠴᠠᠰᠤᠨ ᠳᠤ ᠲᠤᠭᠠᠴᠠᠭᠳᠠᠨ᠂ ᠡᠨᠡ ᠨᠢ ᠬᠦᠷᠦᠰᠦ ᠰᠢᠷᠤᠢ ᠶᠢᠨ ᠴᠢᠬᠢᠭ ᠢ ᠬᠠᠮᠠᠭᠠᠯᠠᠵᠤ᠂ ᠠᠭᠤᠷ ᠠᠮᠢᠰᠬᠤᠯ ᠢ ᠴᠡᠪᠡᠷᠰᠢᠭᠦᠯᠦᠨ᠂ ᠰᠠᠯᠬᠢ ᠰᠢᠭᠤᠷᠭ᠎ᠠ ᠶᠢ ᠪᠠᠭᠠᠰᠬᠠᠬᠤ ᠳᠤ ᠠᠰᠢᠭ ᠲᠠᠢ ᠪᠣᠯᠣᠭᠰᠠᠨ ᠪᠠᠶᠢᠨ᠎ᠠ᠃       ᠴᠠᠰᠤ ᠤᠷᠤᠭᠰᠠᠨ ᠤ ᠰᠡᠭᠦᠯᠴᠢ ᠶᠢᠨ ᠬᠡᠰᠡᠭ ᠬᠤᠭᠤᠴᠠᠭᠠᠨ ᠳᠤ᠂ ᠡᠵᠡᠨ᠎ᠡ ᠬᠤᠰᠢᠭᠤᠨ ᠤ ᠳᠤᠯᠠᠭᠠᠨ ᠤ ᠬᠡᠮᠵᠢᠶ᠎ᠡ ᠪᠠᠭᠤᠷᠠᠬᠤ ᠴᠠᠭ ᠠᠭᠤᠷ ᠤᠨ ᠪᠠᠶᠢᠳᠠᠯ ᠢᠯᠡᠷᠡᠵᠦ᠂ ᠡᠵᠡᠨ᠎ᠡ ᠬᠤᠰᠢᠭᠤᠨ ᠤ ᠴᠠᠭ ᠠᠭᠤᠷ ᠤᠨ       ᠬᠤᠷᠢᠶ᠎ᠠ ᠠᠴᠠ 12 ᠳ᠋ᠤᠭᠠᠷ ᠰᠠᠷ᠎ᠠ ᠶᠢᠨ 15᠎ ᠤ ᠡᠳᠦᠷ ᠤᠨ 9 ᠴᠠᠭ 48 ᠮᠢᠨᠦ᠋ᠲ ᠳᠤ ᠬᠦᠢᠲᠡᠨ ᠤᠷᠤᠰᠬᠠᠯ ᠤᠨ ᠬᠦᠭᠡ ᠦᠩᠬᠡ ᠶᠢᠨ ᠰᠡᠷᠡᠮᠵᠢ ᠶᠢᠨ ᠳᠤᠬᠢᠶ᠎ᠠ ᠨᠡᠶᠢᠲᠡᠯᠡᠪᠡ᠃ ᠵᠢᠱᠢᠯᠲᠡ ᠪᠠᠷ ᠢᠷᠡᠬᠦ 48 ᠴᠠᠭ ᠤᠨ ᠳᠣᠲᠣᠷ᠎ᠠ ᠡᠵᠡᠨ᠎ᠡ ᠬᠤᠰᠢᠭᠤᠨ ᠤ ᠬᠠᠮᠤᠭ ᠤᠨ ᠳᠣᠣᠷ᠎ᠠ ᠠᠭᠠᠷ ᠤᠨ ᠳᠤᠯᠠᠭᠠᠨ 8℃᠎ ᠠᠴᠠ ᠳᠡᠭᠡᠭᠰᠢ ᠪᠠᠭᠤᠷᠠᠵᠤ᠂ ᠳᠤᠮᠳᠠᠴᠢ ᠰᠠᠯᠬᠢᠨ ᠤ ᠬᠦᠴᠦ ᠨᠢ 5 ᠲᠠᠰ ᠠᠴᠠ ᠳᠡᠭᠡᠭᠰᠢ ᠪᠣᠯᠵᠤ᠂ 17᠎ ᠤ ᠡᠳᠦᠷ ᠤᠨ ᠥᠷᠯᠥᠭᠡ ᠶᠢᠨ ᠬᠠᠮᠤᠭ ᠤᠨ ᠳᠣᠣᠷ᠎ᠠ ᠠᠭᠠᠷ ᠤᠨ ᠳᠤᠯᠠᠭᠠᠨ ᠨᠢ -24℃᠎ ᠠᠴᠠ -19℃ ᠬᠦᠷᠬᠦ ᠪᠣᠯᠣᠨ᠎ᠠ᠃ ᠡᠶᠢᠮᠤ ᠠᠴᠠ ᠬᠤᠯᠪᠣᠭᠳᠠᠯ ᠪᠦᠬᠦᠢ ᠨᠢᠭᠡᠴᠡ ᠪᠣᠯᠣᠨ ᠥᠷᠭᠡᠨ ᠤᠯᠠᠨ ᠲᠥᠮᠡᠨ ᠬᠦᠢᠲᠡᠨ ᠠᠴᠠ ᠰᠡᠷᠭᠡᠶᠢᠯᠡᠬᠦ ᠪᠡᠯᠡᠳᠬᠡᠯ ᠢᠶᠠᠨ ᠰᠠᠶᠢᠲᠤᠷ ᠬᠢᠵᠦ᠂ ᠬᠤᠪᠴᠠᠰᠤ ᠬᠤᠨᠠᠷ ᠢᠶᠠᠨ ᠨᠡᠮᠡᠵᠦ ᠳᠤᠯᠠᠭᠠᠯᠠᠬᠤ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号