ᠮᠠᠨ ᠤ ᠬᠤᠰᠢᠭᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠦᠷᠦᠰᠦ ᠰᠢᠷᠦᠢ ᠶᠢ ᠨᠡᠶᠢᠳᠡᠮ ᠪᠠᠶᠢᠴᠠᠭᠠᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2022/12/19
      ᠮᠠᠨ ᠤ ᠬᠤᠰᠢᠭᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠦᠷᠦᠰᠦ ᠰᠢᠷᠦᠢ ᠶᠢ ᠨᠡᠶᠢᠳᠡᠮ ᠪᠠᠶᠢᠴᠠᠭᠠᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠬᠤᠵᠢᠷᠯᠠᠭ ᠭᠠᠵᠠᠷ ᠤᠨ ᠦᠩᠭᠡᠨ ᠳᠠᠪᠬᠤᠷᠭ᠎ᠠ ᠠᠴᠠ ᠦᠯᠢᠭᠡᠷ ᠠᠪᠬᠤ ᠡᠭᠦᠷᠭᠡ ᠶᠢ ᠪᠡᠶᠡᠯᠡᠭᠦᠯᠵᠦ᠂ 184 ᠴᠡᠭ ᠤᠨ ᠬᠦᠷᠦᠰᠦ ᠶᠢᠨ ᠦᠯᠢᠭᠡᠷ ᠡᠳ᠋ ᠪᠦᠬᠦᠳᠡ ᠶᠢ ᠰᠢᠯᠭᠠᠨ ᠪᠠᠶᠢᠴᠠᠭᠠᠯᠲᠠ ᠳᠤ ᠬᠦᠷᠭᠡᠭᠰᠡᠨ ᠪᠠᠶᠢᠨ᠎ᠠ᠃      ᠤᠶᠢᠯᠠᠭᠠᠭᠰᠠᠨ ᠢᠶᠠᠷ᠂ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠬᠦᠷᠦᠰᠦ ᠰᠢᠷᠤᠢ ᠶᠢ ᠨᠡᠶᠢᠳᠡᠮ ᠪᠠᠶᠢᠴᠠᠭᠠᠬᠤ ᠠᠵᠢᠯ ᠨᠢ 2022 ᠤᠨ ᠠᠴᠠ  ᠡᠬᠢᠯᠡᠵᠦ᠂  ᠲᠦᠷᠦ ᠶᠢᠨ ᠶᠠᠪᠤᠳᠠᠯ ᠤᠨ  ᠬᠤᠷᠢᠶ᠎ᠠ ᠠᠴᠠ ᠪᠠᠶᠢᠷᠢᠯᠠᠭᠤᠯᠣᠭᠰᠠᠨ  ᠨᠢᠭᠡᠨ ᠴᠢᠬᠤᠯᠠ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠤᠯᠤᠨ᠎ᠠ᠃ ᠡᠨᠡ ᠨᠢ ᠬᠦᠷᠦᠰᠦ ᠰᠢᠷᠤᠢ ᠶᠢᠨ ᠲᠦᠷᠦᠯ ᠵᠦᠢᠯ ᠵᠢᠴᠢ ᠲᠠᠷᠬᠠᠯᠲᠠ ᠶᠢᠨ ᠵᠢᠮ᠎ᠡ ᠶᠤᠰᠤ ᠶᠢ ᠪᠠᠶᠢᠴᠠᠭᠠᠵᠤ᠂ ᠬᠦᠷᠦᠰᠦ ᠰᠢᠷᠤᠢ ᠡᠬᠢ ᠪᠠᠶᠠᠯᠢᠭ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠪᠠᠶᠢᠴᠠᠭᠠᠵᠤ ᠲᠤᠳᠤᠯᠠᠨ᠂ ᠲᠠᠷᠢᠶᠠᠨ ᠭᠠᠵᠠᠷ ᠤᠨ ᠶᠠᠰᠤ ᠴᠢᠨᠠᠷ ᠤᠨ ᠪᠠᠶᠢᠳᠠᠯ ᠢ ᠲᠤᠳᠤᠷᠬᠠᠢ ᠤᠶᠢᠯᠠᠭᠠᠵᠤ᠂ ᠰᠠᠭᠤᠷᠢ ᠲᠤᠭ᠎ᠠ ᠪᠠᠷᠢᠮᠲᠠ ᠶᠢ ᠵᠦᠪ ᠤᠨᠤᠪᠴᠢᠲᠠᠢ ᠡᠵᠡᠮᠰᠢᠨ᠂ ᠦᠷ᠎ᠡ ᠪᠦᠲᠦᠭᠡᠯ ᠨᠢ ᠠᠵᠤ ᠠᠬᠤᠢ᠂ ᠨᠡᠶᠢᠬᠡᠮ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠲᠤᠭᠲᠠᠭᠠᠬᠤ᠂ ᠠᠮᠤ ᠪᠤᠳᠠᠭ᠎ᠠ ᠶᠢ ᠲᠠᠷᠢᠶᠠᠨ ᠭᠠᠵᠠᠷ ᠪᠠ ᠲᠧᠭᠨᠢᠭ ᠮᠡᠷᠭᠡᠵᠢᠯ ᠢᠶᠠᠷ ᠬᠠᠳᠠᠭᠠᠯᠠᠬᠤ︾ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠲᠠᠷᠢᠶᠠᠯᠠᠩ ᠬᠦᠳᠡᠭᠡ ᠲᠤᠰᠬᠤᠨ ᠤ ᠤᠳᠤᠬᠢᠴᠢᠯᠠᠯᠲᠠ ᠪᠠ ᠴᠢᠨᠠᠷ ᠰᠠᠶᠢᠲᠠᠢ ᠬᠦᠭᠵᠢᠯᠲᠡ ᠵᠢᠴᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠳᠤ ᠴᠢᠬᠤᠯᠠ ᠶᠡᠭᠡ ᠠᠴᠢ ᠬᠤᠯᠪᠤᠭᠳᠠᠯ ᠥᠵᠡᠬᠦᠯᠬᠦ ᠪᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号