ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠦᠨᠳᠤᠷ ᠪᠠᠷᠢᠮᠵᠶᠠᠳᠤ ᠬᠠᠮ ᠨᠡᠪᠳᠡᠷᠡᠭᠦᠯᠭᠡ ᠶᠢᠨ ᠰᠤᠪᠠᠭ ᠤᠨ ᠰᠢᠰᠲ᠋ᠧᠮ ᠢ ᠪᠠᠶᠢᠭᠤᠯᠵᠤ ᠲᠠᠭᠤᠰᠬᠠᠭᠠᠳ ᠵᠢᠩᠭᠢᠨᠢ ᠪᠠᠷ ᠠᠰᠢᠭᠯᠠᠯᠳᠠ ᠳᠤ ᠤᠷᠤᠭᠤᠯᠪᠠ
ᠨᠡᠶᠢᠲᠡᠯᠡᠭᠰᠡᠨ ᠴᠠᠭ᠄
2022/12/19
      ᠤᠶᠢᠷ᠎ᠠ ᠶᠢᠨ ᠡᠳᠤᠷ᠂ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ  ᠦᠨᠳᠤᠷ ᠪᠠᠷᠢᠮᠵᠶᠠᠳᠤ ᠬᠠᠮ ᠨᠡᠪᠳᠡᠷᠡᠭᠦᠯᠭᠡ ᠶᠢᠨ ᠰᠤᠪᠠᠭ ᠤᠨ ᠰᠢᠰᠲ᠋ᠧᠮ ᠢ ᠪᠠᠶᠢᠭᠤᠯᠵᠤ ᠲᠠᠭᠤᠰᠬᠠᠭᠠᠳ ᠵᠢᠩᠭᠢᠨᠢ ᠪᠠᠷ ᠠᠰᠢᠭᠯᠠᠯᠳᠠ ᠳᠤ ᠤᠷᠤᠭᠤᠯᠪᠠ᠃      ᠦᠨᠳᠤᠷ ᠪᠠᠷᠢᠮᠵᠢᠶᠠᠳᠤ ᠬᠠᠮ ᠨᠡᠪᠳᠡᠷᠡᠭᠦᠯᠭᠡ ᠶᠢᠨ ᠰᠤᠪᠠᠭ ᠤᠨ ᠨᠡᠪᠳᠡᠷᠡᠬᠦᠯᠬᠦ ᠰᠢᠰᠲ᠋ᠧᠮ ᠤᠨ ᠦᠭᠡᠷᠡᠴᠢᠯᠡᠯᠳᠡ ᠨᠢ ᠨᠡᠪᠳᠡᠷᠡᠬᠦᠯᠬᠦ ᠳᠤ ᠦᠨᠳᠤᠷ  ᠲᠤᠳᠤ  ᠪᠠᠶᠢᠯᠭᠠᠬᠤ ᠪᠠᠷ ᠭᠤᠤᠯ ᠪᠤᠯᠭᠠᠵᠤ᠂ ᠪᠠᠷᠢᠮᠵᠶᠠᠳᠤ ᠨᠡᠪᠳᠡᠷᠡᠬᠦᠯᠭᠡ ᠶᠢ ᠬᠠᠮᠳᠤ ᠳᠤᠨᠢ ᠬᠠᠷᠠᠭᠠᠯᠵᠠᠨ᠂ ᠨᠡᠪᠳᠡᠷᠡᠬᠦᠯᠬᠦ ᠰᠢᠰᠲ᠋ᠧᠮ ᠤᠨ ᠲᠤᠳᠤᠭᠠᠳᠤ ᠶᠢᠨ ᠵᠠᠭᠪᠤᠷ ᠨᠢ ᠦᠨᠳᠤᠷ ᠲᠤᠳᠤ ᠲᠤᠬᠢᠶᠠᠨ ᠤ ᠵᠠᠭᠪᠤᠷ ᠲᠠᠢ ᠪᠠᠶᠢᠵᠤ᠂  ᠵᠡᠷᠭᠡᠪᠡᠷ ᠨᠡᠪᠳᠡᠷᠡᠬᠦᠯᠬᠦ ᠨᠤᠷᠮ᠎ᠠ ᠨᠢ 100%᠎ ᠳᠤ ᠬᠦᠷᠬᠦ ᠪᠤᠯᠤᠨ᠎ᠠ᠃ ᠡᠭᠦᠨ ᠤ ᠵᠡᠷᠭᠡᠪᠡᠷ᠂ ᠪᠠᠰᠠ ᠪᠡᠶ᠎ᠡ ᠪᠠᠨ ᠲᠠᠭᠠᠭᠠᠭᠰᠠᠨ ᠬᠠᠳᠠᠭᠤ ᠲᠤᠨᠤᠭ ᠲᠦᠭᠦᠭᠡᠷᠤᠮᠵᠢ ᠶᠢ       ᠬᠡᠷᠡᠭᠯᠡᠵᠤ᠂ ᠦᠨᠳᠤᠷ  ᠲᠤᠳᠤ ᠫᠷᠦᠭᠷᠡᠮ ᠤᠨ ᠪᠤᠷᠤ ᠮᠠᠲ᠋ᠧᠷᠢᠶᠠᠯ ᠶᠢ ᠨᠡᠪᠳᠡᠷᠡᠬᠦᠯᠬᠦ ᠦᠢᠯᠡᠴᠢᠯᠡᠭᠡ ᠪᠠᠷ ᠲᠠᠮᠵᠢᠭᠤᠯᠤᠨ ᠪᠦᠳᠦᠮᠵᠢᠲᠠᠢ ᠰᠤᠯᠢᠵᠤ᠂ ᠵᠢᠷᠤᠭ ᠤᠨ ᠴᠢᠨᠠᠷ ᠢ ᠨᠢ ᠤᠯᠠᠮ ᠲᠤᠳᠤ ᠪᠤᠯᠭᠠᠨ᠂ ᠦᠵᠡᠭᠴᠢᠳ ᠲᠤ ᠨᠡᠩ ᠦᠨᠳᠤᠷ ᠶᠠᠰᠤ ᠴᠢᠨᠠᠷ ᠲᠠᠢ ᠨᠡᠪᠳᠡᠷᠡᠬᠦᠯᠭᠡ ᠬᠥᠷᠭᠡᠭᠡᠬᠦ ᠶᠢ ᠪᠠᠳᠤᠯᠠᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号