ᠤᠯᠤᠰ ᠤᠨ ᠵᠠᠮ 213 ᠱᠤᠭᠤᠮ ᠤᠨ ᠳᠠᠯᠠᠶᠢᠬᠦ᠋ᠪ ᠠᠴᠠ ᠳ᠋ᠦᠩᠹᠧᠩ ᠰᠠᠨᠰᠠᠷ ᠤᠨ ᠬᠤᠲᠠ ᠬᠦᠷᠬᠦ ᠵᠠᠰᠠᠮᠠᠯ ᠵᠠᠮ ᠤᠨ ᠬᠡᠰᠡᠭ ᠵᠢᠩᠬᠢᠨᠢ ᠪᠠᠷ ᠨᠡᠪᠲᠡᠷᠡᠯ᠎ᠡ
ᠨᠡᠶᠢᠲᠡᠯᠡᠭᠰᠡᠨ ᠴᠠᠭ᠄
2022/12/19
      12 ᠳ᠋ᠤᠭᠠᠷ ᠰᠠᠷ᠎ᠠ ᠶᠢᠨ 12᠎ ᠤ ᠦᠳᠡ ᠶᠢᠨ ᠡᠮᠦᠨ᠎ᠡ᠂ ᠤᠯᠤᠰ ᠤᠨ ᠵᠠᠮ 213 ᠱᠤᠭᠤᠮ ᠤᠨ ᠳᠠᠯᠠᠶᠢᠬᠦ᠋ᠪ ᠠᠴᠠ ᠳ᠋ᠦᠩᠹᠧᠩ ᠰᠠᠨᠰᠠᠷ ᠤᠨ ᠬᠤᠲᠠ ᠬᠦᠷᠬᠦ ᠵᠠᠰᠠᠮᠠᠯ ᠵᠠᠮ ᠤᠨ ᠬᠡᠰᠡᠭ ᠵᠢᠩᠬᠢᠨᠢ ᠪᠠᠷ ᠨᠡᠪᠲᠡᠷᠡᠬᠦ ᠶᠤᠰᠤᠯᠠᠯ ᠶᠠᠪᠤᠭᠳᠠᠵᠤ᠂ ᠠᠶᠢᠮᠠᠭ ᠤᠨ ᠵᠠᠮ ᠲᠡᠬᠡᠭᠡᠪᠦᠷᠢ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠪᠠᠭᠠᠨ᠎ᠠ ᠪᠣᠯᠤᠨ ᠸᠠᠩ ᠯᠢ ᠵᠢᠶᠦ᠋ᠨ᠂ ᠪᠦᠬᠡ᠂ ᠲᠠᠩ ᠰᠢᠤᠸᠠᠢ ᠪᠢᠨ ᠵᠡᠷᠭᠡ ᠬᠤᠰᠢᠭᠤᠨ ᠤ ᠳᠦᠷᠪᠡᠨ ᠲᠤᠮᠤ ᠤᠳᠤᠷᠢᠳᠬᠤ ᠪᠠᠭ ᠤᠨ ᠤᠳᠤᠷᠢᠳᠤᠯᠭ᠎ᠠ ᠪᠠ ᠬᠤᠯᠪᠤᠭᠳᠠᠯ ᠪᠦᠬᠦᠢ ᠤᠳᠤᠷᠢᠳᠤᠯᠭ᠎ᠠ ᠵᠢᠴᠢ ᠠᠶᠢᠮᠠᠭ ᠬᠤᠰᠢᠭᠤᠨ ᠤ ᠵᠠᠮ ᠲᠡᠭᠡᠭᠡᠪᠦᠷᠢ ᠶᠢᠨ ᠲᠤᠪᠴᠢᠶ᠎ᠠ᠂ ᠯᠦᠩ ᠵᠢᠶᠠᠨ ᠵᠠᠮ       ᠬᠦᠭᠦᠷᠭᠡ ᠶᠢᠨ ᠬᠤᠪᠢ ᠤᠷᠤᠭᠤᠯᠤᠭᠰᠠᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠵᠡᠷᠭᠡ ᠶᠢᠨ ᠭᠤᠤᠯ ᠬᠠᠷᠢᠭᠤᠴᠠᠯᠭᠠᠲᠠᠨ᠂ ᠪᠠᠷᠢᠯᠭ᠎ᠠ ᠶᠢᠨ ᠨᠢᠭᠡᠴᠡ ᠶᠢᠨ ᠬᠠᠮᠢᠶ᠎ᠠ ᠪᠦᠬᠦᠢ ᠬᠦᠮᠦᠰ ᠶᠤᠰᠤᠯᠠᠯ ᠳᠤ ᠤᠷᠤᠯᠴᠠᠪᠠ᠃      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠭᠡ ᠠᠴᠠ ᠤᠯᠤᠰ ᠤᠨ 213 ᠱᠤᠭᠤᠮ ᠤᠨ ᠳᠠᠯᠠᠶᠢᠬᠦ᠋ᠪ ᠠᠴᠠ ᠳ᠋ᠦᠩᠹᠧᠩ ᠰᠠᠨᠰᠠᠷ ᠤᠨ ᠬᠤᠲᠠ ᠬᠦᠷᠬᠦ ᠵᠠᠰᠠᠮᠠᠯ ᠵᠠᠮ ᠤᠨ ᠲᠡᠷᠭᠡ ᠨᠡᠪᠲᠡᠷᠡᠵᠦ ᠡᠵᠡᠩᠨᠡᠯᠲᠡ ᠪᠠᠨ ᠡᠬᠢᠯᠡᠭᠦᠯᠦᠭᠰᠡᠨ ᠳᠤ ᠪᠠᠶᠠᠷ ᠬᠦᠷᠭᠡᠬᠦ ᠶᠢᠨ ᠬᠠᠮᠲᠤ ᠶᠠᠷᠢᠶ᠎ᠠ ᠲᠠᠯᠪᠢᠪᠠ᠃ ᠲᠡᠷᠡ       ᠬᠡᠯᠡᠬᠦ ᠳᠡᠭᠡᠨ᠂ ᠤᠯᠤᠰ ᠤᠨ 213 ᠱᠤᠭᠤᠮ ᠪᠤᠯ ᠡᠵᠡᠨ᠎ᠡ ᠬᠤᠰᠢᠭᠤ ᠠᠴᠠ ᠾᠧ ᠰᠢ ᠬᠤᠩᠬᠢᠯ ᠳᠤ ᠨᠡᠪᠲᠡᠷᠡᠭᠰᠡᠨ ᠭᠤᠤᠯ ᠵᠠᠮ ᠱᠤᠭᠤᠮ ᠪᠣᠯᠣᠨ᠎ᠠ᠃ ᠡᠨᠡ ᠨᠢ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠠᠶᠢᠮᠠᠭ ᠤᠨ ᠵᠠᠮ ᠳᠡᠭᠡᠭᠡᠪᠦᠷᠢ ᠶᠢᠨ ᠲᠤᠪᠴᠢᠶ᠎ᠠ ᠶᠢᠨ ᠨᠢᠭᠡᠳᠦᠯᠲᠡᠢ ᠲᠤᠬᠢᠷᠠᠭᠤᠯᠭ᠎ᠠ ᠪᠣᠯᠣᠨ ᠪᠦᠬᠦ ᠳᠡᠮᠵᠢᠯᠭᠡ ᠳᠤᠤᠷ᠎ᠠ᠂ ᠯᠦᠩ ᠵᠢᠶᠠᠨ ᠵᠠᠮ ᠬᠦᠭᠦᠷᠭᠡ ᠶᠢᠨ ᠬᠤᠪᠢ ᠤᠷᠤᠭᠤᠯᠤᠭᠰᠠᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠪᠠ ᠯᠦᠩ ᠵᠢᠶᠠᠨ ᠵᠠᠮ ᠬᠦᠭᠦᠷᠭᠡ ᠶᠢᠨ ᠳᠦᠷᠪᠡᠳᠦᠭᠡᠷ ᠪᠠᠷᠢᠯᠭ᠎ᠠ ᠶᠢᠨ ᠬᠢᠵᠠᠭᠠᠷᠲᠦ ᠺᠤᠮᠫᠠᠨᠢ ᠶᠢᠨ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠯᠲᠠ ᠳᠤᠤᠷ᠎ᠠ᠂ ᠤᠯᠠᠨ ᠠᠷᠪᠢᠨ ᠬᠥᠴᠢᠷᠳᠡᠯ ᠢ ᠢᠯᠠᠨ ᠳᠠᠪᠠᠵᠤ᠂ ᠭᠤᠷᠪᠠᠨ ᠵᠢᠯ ᠤᠨ ᠬᠠᠳᠠᠭᠤᠵᠢᠯᠲᠠᠢ ᠴᠢᠷᠮᠠᠶᠢᠯᠭ᠎ᠠ ᠪᠠᠷ ᠪᠠᠶᠢᠭᠤᠯᠣᠭᠳᠠᠪᠠ᠃ ᠡᠨᠡᠬᠦ ᠵᠠᠮ ᠤᠨ ᠪᠠᠶᠢᠭᠤᠯᠤᠭᠳᠠᠨ ᠲᠡᠷᠭᠡ ᠨᠡᠪᠲᠡᠷᠡᠭᠰᠡᠨ ᠨᠢ ᠤᠯᠤᠰ ᠤᠨ ᠵᠠᠰᠠᠮᠠᠯ ᠵᠠᠮ ᠤᠨ ᠲᠤᠤᠷᠵᠢᠯ ᠤᠨ ᠪᠦᠲᠦᠴᠡ ᠶᠢ ᠲᠡᠭᠦᠯᠳᠡᠷᠵᠢᠭᠦᠯᠵᠦ᠂ ᠡᠵᠡᠨ᠎ᠡ ᠶᠢᠨ ᠤᠷᠤᠨ ᠨᠣᠲᠤᠭ ᠤᠨ ᠳᠠᠪᠠᠭᠤᠯᠢᠭ ᠢ ᠪᠠᠳᠠᠷᠠᠭᠤᠯᠵᠤ᠂ ᠮᠠᠨ ᠤ ᠬᠤᠰᠢᠭᠤᠨ ᠤ ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠵᠠᠮ ᠤᠨ ᠠᠭᠤᠰᠤᠯᠴᠠᠯ ᠢ ᠠᠬᠢᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠲᠡ ᠪᠠ ᠬᠦᠮᠦᠨ ᠰᠤᠶᠤᠯ ᠤᠨ ᠶᠠᠪᠤᠴᠠᠯᠭ᠎ᠠ ᠰᠤᠯᠢᠯᠴᠠᠭ᠎ᠠ ᠶᠢ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ ᠭᠡᠯ᠎ᠡ᠃      ᠤᠯᠤᠰ ᠤᠨ ᠵᠠᠮ ᠤᠨ 213 ᠱᠤᠭᠤᠮ ᠤᠨ ᠳᠠᠯᠠᠶᠢᠬᠦ᠋ᠪ ᠠᠴᠠ ᠳ᠋ᠦᠩᠹᠧᠩ ᠰᠠᠨᠰᠠᠷ ᠤᠨ ᠬᠤᠲᠠ ᠬᠦᠷᠬᠦ ᠵᠠᠰᠠᠮᠠᠯ ᠵᠠᠮ ᠨᠢ ᠶᠡᠷᠦᠩᠬᠡᠢ ᠳᠡᠭᠡᠨ ᠡᠮᠦᠨᠡᠰᠢ ᠤᠮᠠᠷᠠᠰᠢ ᠴᠢᠭᠯᠡᠯ ᠲᠠᠢ ᠪᠠᠶᠢᠵᠤ᠂ ᠭᠤᠤᠯ ᠱᠤᠭᠤᠮ ᠤᠨ ᠤᠷᠳᠤ ᠨᠢ 143.39 ᠺᠢᠯᠤᠮᠧᠲᠷ᠂ ᠬᠤᠯᠪᠤᠬᠤ ᠱᠤᠭᠤᠮ ᠤᠨ ᠤᠷᠲᠤ ᠨᠢ 12.378 ᠺᠢᠯᠤᠮᠧᠲᠷ ᠪᠠᠶᠢᠵᠤ᠂ ᠬᠤᠶᠠᠷ ᠶᠡᠭᠡ ᠬᠦᠬᠦᠷᠭᠡ᠂ 3 ᠭᠤᠤᠯ ᠬᠦᠷᠬᠦᠭᠡ᠂ ᠨᠢᠭᠡ ᠰᠠᠯᠤᠩᠬᠢ ᠬᠡᠯᠪᠡᠷᠢ ᠶᠢᠨ ᠵᠦᠷᠢᠯᠢᠭ ᠬᠦᠬᠦᠷᠭᠡ᠂ ᠬᠠᠪᠲᠠᠭᠠᠢ ᠶᠢᠨ ᠰᠥᠯᠪᠢᠴᠠᠯ 6 ᠭᠠᠵᠠᠷ᠂ 15ᠭᠤᠯᠳᠤᠩ ᠵᠠᠮ᠂ 11ᠨᠡᠪᠲᠡᠷᠡᠬᠦ ᠵᠠᠮ ᠢᠶᠠᠷ ᠪᠦᠷᠢᠯᠳᠦᠭᠰᠡᠨ ᠪᠠᠶᠢᠵᠤ᠂ ᠶᠡᠷᠦᠩᠬᠡᠢ ᠪᠡᠯᠡ ᠤᠷᠤᠭᠤᠯᠤᠯᠲᠠ 26.42 ᠳ᠋ᠦᠩᠰᠢᠭᠤᠷ ᠲᠦᠬᠦᠷᠢᠭ ᠬᠦᠷᠴᠡᠢ᠃ ᠡᠭᠦᠨ ᠳᠤ ᠪᠠᠰᠠ ᠬᠠᠷ᠎ᠠ ᠬᠤᠲᠠ ᠪᠠ ᠳ᠋ᠦᠩᠹᠧᠩ ᠬᠤᠶᠠᠷ ᠰᠦᠢᠳᠭᠡᠯ ᠬᠤᠷᠢᠶᠠᠬᠤ ᠦᠷᠲᠡᠭᠡ ᠲᠤᠬᠢᠷᠠᠭᠤᠯᠵᠤ᠂ ᠨᠡᠭᠡᠭᠡᠯᠲᠦ ᠬᠡᠯᠪᠡᠷᠢ ᠶᠢᠨ ᠰᠦᠢᠳᠭᠡᠯ ᠬᠤᠷᠢᠶᠠᠬᠤ ᠳᠦᠷᠢᠮ ᠪᠠ ᠬᠠᠭᠠᠰ ᠠᠦ᠋ᠲ ᠰᠦᠢᠳᠭᠡᠯ ᠬᠤᠷᠢᠶᠠᠬᠤ ᠠᠷᠭ᠎ᠠ ᠬᠡᠮᠵᠢᠶ᠎ᠡ ᠪᠠᠷ ᠰᠦᠢᠳᠭᠡᠯ ᠬᠤᠷᠢᠶᠠᠬᠤ ᠪᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号