ᠡᠵᠡᠨ᠎ᠡ ᠬᠤᠰᠢᠭᠤᠨ ᠤ ᠤᠯᠤᠰ ᠤᠨ ᠲᠠᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠬᠤ ᠠᠮᠠᠯᠠᠯᠲᠠ ᠶᠢᠨ ᠪᠢᠴᠢᠭ
ᠨᠡᠶᠢᠲᠡᠯᠡᠭᠰᠡᠨ ᠴᠠᠭ᠄
2022/12/2
      2018 ᠣᠨ ᠳᠤ᠂ ᠮᠠᠨ ᠤ ᠬᠤᠰᠢᠭᠤ ᠨᠢᠭᠡᠨᠲᠡ ᠤᠯᠤᠰ ᠤᠨ ᠳᠡᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢ ᠪᠠᠶᠢᠭᠤᠯᠬᠤ ᠪᠠᠷ ᠭᠤᠶᠤᠴᠢᠯᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠡᠭᠦᠯ ᠮᠡᠨᠳᠦ ᠶᠢ ᠠᠬᠢᠭᠤᠯᠬᠤ ᠬᠤᠰᠢᠭᠤᠨ ᠤ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂     ︽ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ ᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾     ︽︿ᠠᠷᠪᠠᠨ ᠭᠤᠷᠪᠠᠳᠤᠭᠠᠷ ᠲᠠᠪᠤᠨ ᠵᠢᠯ﹀᠎ ᠤᠨ ᠪᠥᠬᠦ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠠᠵᠢᠯ ᠤᠨ ᠲᠥᠯᠦᠪᠵᠢᠭᠦᠯᠭᠡ︾ ︽︿ᠡᠷᠡᠭᠦᠯ ᠡᠩᠬᠡ ᠳᠤᠮᠳᠠᠳᠤ ᠤᠯᠤᠰ 2030﹀᠎ ᠤᠨ ᠲᠥᠯᠦᠪᠵᠢᠭᠦᠯᠭᠡ ᠶᠢᠨ ᠬᠥᠲᠥᠯᠪᠦᠷᠢ︾ ᠵᠡᠷᠭᠡ ᠪᠢᠴᠢᠭ ᠮᠠᠲ᠋ᠧᠷᠢᠶᠠᠯ ᠳᠠᠬᠢ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ︵ᠲᠣᠭᠤᠷᠢᠭ︶᠎ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠡᠷᠡᠭᠦᠯ ᠮᠡᠨᠳᠦ ᠶᠢ ᠪᠣᠶ ᠪᠦᠬᠦᠢ ᠲᠥᠷᠥ ᠶᠢᠨ ᠪᠣᠳᠣᠯᠭ᠎ᠠ ᠳᠤ ᠠᠭᠤᠰᠤᠯᠴᠠᠭᠤᠯᠬᠤ︾ ᠠᠷᠭ᠎ᠠ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠬᠥᠮᠥᠨ ᠪᠦᠬᠦᠨ ᠡᠷᠡᠭᠦᠯ ᠮᠡᠨᠳᠦ ᠶᠢᠨ ᠲᠥᠯᠥᠭᠡ᠂ ᠡᠷᠡᠭᠦᠯ ᠮᠡᠨᠳᠦ ᠬᠥᠮᠥᠨ ᠪᠦᠬᠦᠨ ᠤ ᠲᠥᠯᠥᠭᠡ︾ ᠭᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠰᠠᠭᠤᠭᠠᠯᠢ ᠠᠷᠠᠳ ᠨᠢᠭᠡᠪᠦᠷᠢ ᠦᠨᠡᠨ ᠬᠦ ᠡᠷᠡᠭᠦᠯ ᠮᠡᠨᠳᠦ ᠶᠢᠨ ᠠᠰᠢᠭ ᠬᠦᠷᠲᠡᠭᠴᠢ ᠪᠣᠯᠬᠤ ᠶᠢ ᠪᠠᠲᠤᠯᠠᠨ᠎ᠠ᠂ ᠮᠠᠨ ᠤ ᠬᠤᠰᠢᠭᠤ ᠳᠣᠣᠷᠠᠬᠢ ᠠᠵᠢᠯ ᠤᠳ ᠢ ᠰᠠᠶᠢᠲᠤᠷ ᠬᠢᠨ᠎ᠡ ᠭᠡᠵᠦ ᠠᠮᠠᠯᠳᠠᠨ᠎ᠠ᠄      ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠤᠰ ᠤᠳᠠᠭᠠᠨ ᠤ ᠡᠭᠦᠳᠦᠨ ᠪᠠᠶᠢᠭᠤᠯᠬᠤ ᠠᠵᠢᠯᠯᠠᠭ᠎ᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠨᠠᠮ ᠵᠠᠰᠠᠭ ᠤᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠠᠮᠢᠶ᠎ᠠ ᠪᠦᠬᠦᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠢ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠡᠯ᠎ᠡ ᠰᠤᠮᠤ ᠪᠠᠯᠭᠠᠰᠤ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ᠂ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠪᠠᠶᠢᠷᠢᠯᠠᠭᠤᠯᠵᠤ᠂ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠣᠳᠠᠲᠠᠢ ᠬᠠᠷᠢᠭᠤᠴᠠᠬᠤ ᠶᠢᠨ ᠬᠠᠮᠲᠤ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠲᠥᠷᠥᠯ ᠵᠦᠢᠯ ᠤᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠨᠡᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢ ᠵᠣᠬᠢᠶᠠᠨ ᠪᠠᠶᠢᠭᠤᠯᠤᠨ ︽ᠡᠷᠡᠭᠦᠯ ᠡᠩᠬᠡ ᠶᠢ ᠪᠣᠶ ᠪᠦᠬᠦᠢ ᠲᠥᠷᠥ ᠶᠢᠨ ᠪᠣᠳᠣᠯᠭ᠎ᠠ ᠳᠤ ᠠᠭᠤᠰᠤᠯᠴᠠᠭᠤᠯᠬᠤ︾ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠡᠷᠡᠭᠦᠯ ᠡᠩᠬᠡ ᠶᠢ ᠠᠬᠢᠭᠤᠯᠬᠤ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠶᠢ ᠡᠮᠬᠢᠯᠡᠨ ᠳᠢᠭᠯᠡᠬᠦ ᠶᠢᠨ ᠬᠠᠮᠲᠤ ᠲᠣᠭᠲᠠᠭᠠᠵᠤ᠂ ᠬᠡᠷᠡᠭᠵᠢᠭᠦᠯᠬᠦ ᠲᠥᠰᠥᠯ ᠪᠠ ᠠᠵᠢᠯᠯᠠᠭᠠᠨ ᠤ ᠲᠥᠯᠥᠪᠯᠡᠭᠡ ᠶᠢ ᠲᠡᠭᠦᠯᠳᠡᠷᠵᠢᠭᠦᠯᠦᠨ᠂ ᠠᠵᠢᠯ ᠤᠨ ᠬᠠᠷᠢᠭᠤᠴᠠᠯᠭ᠎ᠠ ᠪᠠ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠪᠥᠬᠦ ᠬᠤᠰᠢᠭᠤᠨ ᠤ ᠡᠷᠡᠭᠦᠯ ᠡᠩᠬᠡ ᠶᠢᠨ ᠦᠢᠯᠡᠰ ᠬᠢᠭᠡᠳ ᠠᠵᠤ ᠠᠬᠤᠢ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠬᠦᠴᠦᠯᠡᠨ ᠪᠡᠶᠡᠯᠡᠭᠦᠯᠦᠨ᠎ᠡ᠃      ᠭᠤᠷᠪᠠ᠂ ᠡᠷᠡᠭᠦᠯ ᠮᠡᠨᠳᠦ ᠶᠢᠨ ᠣᠷᠣᠭᠤᠯᠤᠯᠲᠠ ᠶᠢ ᠪᠠᠲᠤᠯᠠᠨ᠎ᠠ᠃ ᠡᠭᠦᠳᠦᠨ ᠪᠠᠶᠢᠭᠤᠯᠬᠤ ᠠᠵᠢᠯ ᠤᠨ ᠵᠠᠷᠤᠳᠠᠯ ᠢ ᠬᠤᠰᠢᠭᠤᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠬᠤ ᠶᠢᠨ ᠬᠠᠮᠲᠤ᠂ ᠡᠭᠦᠳᠦᠨ ᠪᠠᠶᠢᠭᠤᠯᠬᠤ ᠠᠵᠢᠯ ᠤᠨ ᠬᠡᠷᠡᠭᠴᠡᠭᠡ ᠪᠣᠯᠣᠨ ᠡᠳ᠋ ᠤᠨ ᠵᠠᠰᠠᠭ ᠤᠨ ᠨᠡᠮᠡᠭᠳᠡᠯ ᠤᠨ ᠪᠠᠶᠢᠳᠠᠯ ᠢ ᠦᠨᠳᠦᠰᠦᠯᠡᠨ ᠣᠷᠣᠭᠤᠯᠤᠯᠲᠠ ᠪᠠᠨ ᠵᠢᠯ ᠳᠠᠷᠠᠭᠠᠯᠠᠨ ᠨᠡᠮᠡᠭᠳᠡᠭᠦᠯᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠵᠦ᠂ ᠵᠠᠷᠤᠳᠠᠯ ᠢ ᠪᠣᠳᠠᠲᠠᠶᠢᠵᠢᠭᠤᠯᠬᠤ ᠶᠢ ᠪᠠᠲᠤᠯᠠᠨ᠎ᠠ᠃      ᠳᠥᠷᠪᠡ᠂ ᠡᠷᠡᠭᠦᠯ ᠮᠡᠨᠳᠦ ᠶᠢᠨ ᠲᠠᠯᠠᠪᠤᠷ ᠭᠠᠵᠠᠷ ᠢ ᠪᠦᠲᠦᠭᠡᠨ ᠪᠠᠶᠢᠭᠤᠯᠤᠨ᠎ᠠ᠃ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠡᠷᠡᠭᠦᠯ ᠡᠩᠬᠡ ᠶᠢᠨ ᠶᠠᠪᠠᠭᠠᠨ ᠵᠠᠮ᠂ ᠡᠷᠡᠭᠦᠯ ᠡᠩᠬᠡ ᠶᠢᠨ ᠭᠤᠣᠯ ᠰᠡᠳᠦᠪᠲᠦ ᠴᠡᠴᠡᠷᠯᠢᠭ ᠵᠡᠷᠭᠡ ᠳᠡᠮᠵᠢᠯᠭᠡ ᠶᠢᠨ ᠴᠢᠨᠠᠷᠲᠠᠢ ᠣᠷᠴᠢᠨ ᠲᠣᠭᠤᠷᠢᠨ ᠢ ᠪᠦᠲᠦᠭᠡᠨ ᠪᠠᠶᠢᠭᠤᠯᠤᠨ᠎ᠠ᠃ᠡᠷᠡᠭᠦᠯ ᠮᠡᠨᠳᠤ ᠶᠢ ᠠᠬᠢᠭᠤᠯᠬᠤ ᠪᠠᠶᠢᠭᠤᠯᠭ᠎ᠠ᠂ ᠡᠷᠡᠭᠦᠯ ᠮᠡᠨᠳᠤ ᠶᠢ ᠠᠬᠢᠭᠤᠯᠬᠤ ᠨᠡᠶᠢᠭᠡᠮ ᠲᠣᠭᠤᠷᠢᠭ᠂ ᠡᠷᠡᠭᠦᠯ ᠮᠡᠨᠳᠤ ᠶᠢ ᠠᠬᠢᠭᠤᠯᠬᠤ ᠠᠵᠤ ᠠᠬᠤᠶᠢᠯᠠᠯ᠂ ᠡᠷᠡᠭᠦᠯ ᠮᠡᠨᠳᠤ ᠶᠢ ᠠᠬᠢᠭᠤᠯᠬᠤ ᠡᠮᠨᠡᠯᠭᠡ ᠶᠢᠨ ᠬᠤᠷᠢᠶ᠎ᠠ ᠵᠡᠷᠭᠡ ᠡᠷᠡᠭᠦᠯ ᠮᠡᠨᠳᠤ ᠶᠢᠨ ᠲᠠᠯᠠᠪᠤᠷ ᠭᠠᠵᠠᠷ ᠢ ᠡᠭᠦᠳᠦᠨ ᠪᠠᠶᠢᠭᠤᠯᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃      ᠲᠠᠪᠤ᠂ ᠡᠷᠡᠭᠦᠯ ᠮᠡᠨᠳᠦ ᠶᠢᠨ ᠠᠵᠢᠯᠯᠠᠭ᠎ᠠ ᠶᠢ ᠥᠷᠨᠢᠭᠦᠯᠦᠨ᠎ᠡ᠃ ᠡᠷᠡᠭᠦᠯ ᠮᠡᠨᠳᠦ ᠶᠢᠨ ᠭᠤᠣᠯ ᠰᠡᠳᠦᠪᠲᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠳᠠᠪᠤᠰᠤ ᠶᠢ ᠪᠠᠭᠠᠰᠬᠠᠬᠤ᠂ ᠲᠣᠰᠣ ᠶᠢ ᠪᠠᠭᠠᠰᠬᠠᠬᠤ᠂ ᠰᠢᠬᠢᠷ ᠢ ᠪᠠᠭᠠᠰᠬᠠᠬᠤ︾ ᠭᠤᠷᠪᠠ ᠶᠢ ᠪᠠᠭᠠᠰᠬᠠᠬᠤ ᠲᠤᠰᠬᠠᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ ᠬᠤᠭᠤᠯᠠ ᠤᠮᠳᠠ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ ᠲᠠᠮᠠᠬᠢ ᠲᠠᠲᠠᠬᠤ ᠪᠠᠨ ᠵᠣᠭᠰᠣᠬᠤ ᠠᠷᠢᠬᠢ ᠶᠢ ᠬᠢᠵᠠᠭᠠᠷᠯᠠᠬᠤ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ︽ᠡᠷᠡᠭᠦᠯ ᠴᠢᠭᠢᠷᠠᠭ ᠠᠷᠤᠭ ᠶᠠᠰᠤ᠂ ᠡᠷᠡᠭᠦᠯ ᠴᠢᠭᠢᠷᠠᠭ ᠴᠢᠰᠤᠨ ᠳᠠᠷᠤᠯᠲᠠ᠂ ᠡᠷᠡᠭᠦᠯ ᠴᠢᠭᠢᠷᠠᠭ ᠠᠮᠠᠨ ᠬᠥᠨᠳᠡᠢ︾ ᠭᠤᠷᠪᠠᠨ ᠡᠷᠡᠭᠦᠯ ᠴᠢᠭᠢᠷᠠᠭ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃      ᠡᠷᠡᠭᠦᠯ ᠰᠠᠷᠠᠭᠤᠯ ᠣᠷᠴᠢᠨ ᠨᠥᠬᠦᠴᠡᠯ ᠢ ᠪᠤᠢ ᠪᠣᠯᠭᠠᠨ᠎ᠠ᠃ ᠡᠯ᠎ᠡ ᠲᠣᠮᠣ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠬᠠᠷᠠᠭᠠᠰᠤ᠂ ᠣᠯᠠᠨ ᠲᠠᠰ ᠳᠠᠪᠬᠤᠷᠭ᠎ᠠ᠂ ᠪᠥᠬᠦ ᠲᠠᠯ᠎ᠠ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠣᠷᠴᠢᠨ ᠲᠣᠭᠤᠷᠢᠨ ᠤ ᠪᠤᠵᠠᠷ᠂ ᠡᠮᠬᠢ ᠵᠠᠮᠪᠠᠷᠠᠭ᠎ᠠ ᠦᠭᠡᠢ᠂ ᠪᠠᠷᠤᠭᠲᠠᠢ ᠵᠡᠷᠭᠡ ᠠᠰᠠᠭᠤᠳᠠᠯ ᠢ ᠦᠨᠡᠨᠬᠦ ᠴᠡᠭᠴᠡᠯᠡᠨ ᠵᠠᠰᠠᠵᠤ᠂ ᠡᠷᠡᠭᠦᠯ ᠮᠡᠨᠳᠦ ᠳᠤ ᠨᠠᠩ ᠠᠰᠢᠭᠲᠠᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号