ᠡᠵᠡᠨ᠎ᠡ ᠬᠤᠰᠢᠭᠤᠨ ᠤ ᠤᠯᠤᠰ ᠤᠨ ᠲᠠᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠬᠤ ᠠᠮᠠᠯᠠᠯᠲᠠ ᠶᠢᠨ ᠪᠢᠴᠢᠭ
ᠨᠡᠶᠢᠲᠡᠯᠡᠭᠰᠡᠨ ᠴᠠᠭ᠄
2022/12/2
      2018 ᠣᠨ ᠳᠤ᠂ ᠮᠠᠨ ᠤ ᠬᠤᠰᠢᠭᠤ ᠨᠢᠭᠡᠨᠲᠡ ᠤᠯᠤᠰ ᠤᠨ ᠳᠡᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢ ᠪᠠᠶᠢᠭᠤᠯᠬᠤ ᠪᠠᠷ ᠭᠤᠶᠤᠴᠢᠯᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠡᠭᠦᠯ ᠮᠡᠨᠳᠦ ᠶᠢ ᠠᠬᠢᠭᠤᠯᠬᠤ ᠬᠤᠰᠢᠭᠤᠨ ᠤ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂     ︽ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ ᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾     ︽︿ᠠᠷᠪᠠᠨ ᠭᠤᠷᠪᠠᠳᠤᠭᠠᠷ ᠲᠠᠪᠤᠨ ᠵᠢᠯ﹀ ᠤᠨ ᠪᠥᠬᠦ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠠᠵᠢᠯ ᠤᠨ ᠲᠥᠯᠦᠪᠵᠢᠭᠦᠯᠭᠡ︾ ︽︿ᠡᠷᠡᠭᠦᠯ ᠡᠩᠬᠡ ᠳᠤᠮᠳᠠᠳᠤ ᠤᠯᠤᠰ 2030﹀ ᠤᠨ ᠲᠥᠯᠦᠪᠵᠢᠭᠦᠯᠭᠡ ᠶᠢᠨ ᠬᠥᠲᠥᠯᠪᠦᠷᠢ︾ ᠵᠡᠷᠭᠡ ᠪᠢᠴᠢᠭ ᠮᠠᠲ᠋ᠧᠷᠢᠶᠠᠯ ᠳᠠᠬᠢ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ︵ᠲᠣᠭᠤᠷᠢᠭ︶ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠡᠷᠡᠭᠦᠯ ᠮᠡᠨᠳᠦ ᠶᠢ ᠪᠣᠶ ᠪᠦᠬᠦᠢ ᠲᠥᠷᠥ ᠶᠢᠨ ᠪᠣᠳᠣᠯᠭ᠎ᠠ ᠳᠤ ᠠᠭᠤᠰᠤᠯᠴᠠᠭᠤᠯᠬᠤ︾ ᠠᠷᠭ᠎ᠠ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠬᠥᠮᠥᠨ ᠪᠦᠬᠦᠨ ᠡᠷᠡᠭᠦᠯ ᠮᠡᠨᠳᠦ ᠶᠢᠨ ᠲᠥᠯᠥᠭᠡ᠂ ᠡᠷᠡᠭᠦᠯ ᠮᠡᠨᠳᠦ ᠬᠥᠮᠥᠨ ᠪᠦᠬᠦᠨ ᠤ ᠲᠥᠯᠥᠭᠡ︾ ᠭᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠰᠠᠭᠤᠭᠠᠯᠢ ᠠᠷᠠᠳ ᠨᠢᠭᠡᠪᠦᠷᠢ ᠦᠨᠡᠨ ᠬᠦ ᠡᠷᠡᠭᠦᠯ ᠮᠡᠨᠳᠦ ᠶᠢᠨ ᠠᠰᠢᠭ ᠬᠦᠷᠲᠡᠭᠴᠢ ᠪᠣᠯᠬᠤ ᠶᠢ ᠪᠠᠲᠤᠯᠠᠨ᠎ᠠ᠂ ᠮᠠᠨ ᠤ ᠬᠤᠰᠢᠭᠤ ᠳᠣᠣᠷᠠᠬᠢ ᠠᠵᠢᠯ ᠤᠳ ᠢ ᠰᠠᠶᠢᠲᠤᠷ ᠬᠢᠨ᠎ᠡ ᠭᠡᠵᠦ ᠠᠮᠠᠯᠳᠠᠨ᠎ᠠ᠄      ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠤᠰ ᠤᠳᠠᠭᠠᠨ ᠤ ᠡᠭᠦᠳᠦᠨ ᠪᠠᠶᠢᠭᠤᠯᠬᠤ ᠠᠵᠢᠯᠯᠠᠭ᠎ᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠨᠠᠮ ᠵᠠᠰᠠᠭ ᠤᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠠᠮᠢᠶ᠎ᠠ ᠪᠦᠬᠦᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠢ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠡᠯ᠎ᠡ ᠰᠤᠮᠤ ᠪᠠᠯᠭᠠᠰᠤ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ᠂ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠪᠠᠶᠢᠷᠢᠯᠠᠭᠤᠯᠵᠤ᠂ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠣᠳᠠᠲᠠᠢ ᠬᠠᠷᠢᠭᠤᠴᠠᠬᠤ ᠶᠢᠨ ᠬᠠᠮᠲᠤ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠲᠥᠷᠥᠯ ᠵᠦᠢᠯ ᠤᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠨᠡᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢ ᠵᠣᠬᠢᠶᠠᠨ ᠪᠠᠶᠢᠭᠤᠯᠤᠨ ︽ᠡᠷᠡᠭᠦᠯ ᠡᠩᠬᠡ ᠶᠢ ᠪᠣᠶ ᠪᠦᠬᠦᠢ ᠲᠥᠷᠥ ᠶᠢᠨ ᠪᠣᠳᠣᠯᠭ᠎ᠠ ᠳᠤ ᠠᠭᠤᠰᠤᠯᠴᠠᠭᠤᠯᠬᠤ︾ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠡᠷᠡᠭᠦᠯ ᠡᠩᠬᠡ ᠶᠢ ᠠᠬᠢᠭᠤᠯᠬᠤ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠶᠢ ᠡᠮᠬᠢᠯᠡᠨ ᠳᠢᠭᠯᠡᠬᠦ ᠶᠢᠨ ᠬᠠᠮᠲᠤ ᠲᠣᠭᠲᠠᠭᠠᠵᠤ᠂ ᠬᠡᠷᠡᠭᠵᠢᠭᠦᠯᠬᠦ ᠲᠥᠰᠥᠯ ᠪᠠ ᠠᠵᠢᠯᠯᠠᠭᠠᠨ ᠤ ᠲᠥᠯᠥᠪᠯᠡᠭᠡ ᠶᠢ ᠲᠡᠭᠦᠯᠳᠡᠷᠵᠢᠭᠦᠯᠦᠨ᠂ ᠠᠵᠢᠯ ᠤᠨ ᠬᠠᠷᠢᠭᠤᠴᠠᠯᠭ᠎ᠠ ᠪᠠ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠪᠥᠬᠦ ᠬᠤᠰᠢᠭᠤᠨ ᠤ ᠡᠷᠡᠭᠦᠯ ᠡᠩᠬᠡ ᠶᠢᠨ ᠦᠢᠯᠡᠰ ᠬᠢᠭᠡᠳ ᠠᠵᠤ ᠠᠬᠤᠢ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠬᠦᠴᠦᠯᠡᠨ ᠪᠡᠶᠡᠯᠡᠭᠦᠯᠦᠨ᠎ᠡ᠃      ᠭᠤᠷᠪᠠ᠂ ᠡᠷᠡᠭᠦᠯ ᠮᠡᠨᠳᠦ ᠶᠢᠨ ᠣᠷᠣᠭᠤᠯᠤᠯᠲᠠ ᠶᠢ ᠪᠠᠲᠤᠯᠠᠨ᠎ᠠ᠃ ᠡᠭᠦᠳᠦᠨ ᠪᠠᠶᠢᠭᠤᠯᠬᠤ ᠠᠵᠢᠯ ᠤᠨ ᠵᠠᠷᠤᠳᠠᠯ ᠢ ᠬᠤᠰᠢᠭᠤᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠬᠤ ᠶᠢᠨ ᠬᠠᠮᠲᠤ᠂ ᠡᠭᠦᠳᠦᠨ ᠪᠠᠶᠢᠭᠤᠯᠬᠤ ᠠᠵᠢᠯ ᠤᠨ ᠬᠡᠷᠡᠭᠴᠡᠭᠡ ᠪᠣᠯᠣᠨ ᠡᠳ᠋ ᠤᠨ ᠵᠠᠰᠠᠭ ᠤᠨ ᠨᠡᠮᠡᠭᠳᠡᠯ ᠤᠨ ᠪᠠᠶᠢᠳᠠᠯ ᠢ ᠦᠨᠳᠦᠰᠦᠯᠡᠨ ᠣᠷᠣᠭᠤᠯᠤᠯᠲᠠ ᠪᠠᠨ ᠵᠢᠯ ᠳᠠᠷᠠᠭᠠᠯᠠᠨ ᠨᠡᠮᠡᠭᠳᠡᠭᠦᠯᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠵᠦ᠂ ᠵᠠᠷᠤᠳᠠᠯ ᠢ ᠪᠣᠳᠠᠲᠠᠶᠢᠵᠢᠭᠤᠯᠬᠤ ᠶᠢ ᠪᠠᠲᠤᠯᠠᠨ᠎ᠠ᠃      ᠳᠥᠷᠪᠡ᠂ ᠡᠷᠡᠭᠦᠯ ᠮᠡᠨᠳᠦ ᠶᠢᠨ ᠲᠠᠯᠠᠪᠤᠷ ᠭᠠᠵᠠᠷ ᠢ ᠪᠦᠲᠦᠭᠡᠨ ᠪᠠᠶᠢᠭᠤᠯᠤᠨ᠎ᠠ᠃ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠡᠷᠡᠭᠦᠯ ᠡᠩᠬᠡ ᠶᠢᠨ ᠶᠠᠪᠠᠭᠠᠨ ᠵᠠᠮ᠂ ᠡᠷᠡᠭᠦᠯ ᠡᠩᠬᠡ ᠶᠢᠨ ᠭᠤᠣᠯ ᠰᠡᠳᠦᠪᠲᠦ ᠴᠡᠴᠡᠷᠯᠢᠭ ᠵᠡᠷᠭᠡ ᠳᠡᠮᠵᠢᠯᠭᠡ ᠶᠢᠨ ᠴᠢᠨᠠᠷᠲᠠᠢ ᠣᠷᠴᠢᠨ ᠲᠣᠭᠤᠷᠢᠨ ᠢ ᠪᠦᠲᠦᠭᠡᠨ ᠪᠠᠶᠢᠭᠤᠯᠤᠨ᠎ᠠ᠃ᠡᠷᠡᠭᠦᠯ ᠮᠡᠨᠳᠤ ᠶᠢ ᠠᠬᠢᠭᠤᠯᠬᠤ ᠪᠠᠶᠢᠭᠤᠯᠭ᠎ᠠ᠂ ᠡᠷᠡᠭᠦᠯ ᠮᠡᠨᠳᠤ ᠶᠢ ᠠᠬᠢᠭᠤᠯᠬᠤ ᠨᠡᠶᠢᠭᠡᠮ ᠲᠣᠭᠤᠷᠢᠭ᠂ ᠡᠷᠡᠭᠦᠯ ᠮᠡᠨᠳᠤ ᠶᠢ ᠠᠬᠢᠭᠤᠯᠬᠤ ᠠᠵᠤ ᠠᠬᠤᠶᠢᠯᠠᠯ᠂ ᠡᠷᠡᠭᠦᠯ ᠮᠡᠨᠳᠤ ᠶᠢ ᠠᠬᠢᠭᠤᠯᠬᠤ ᠡᠮᠨᠡᠯᠭᠡ ᠶᠢᠨ ᠬᠤᠷᠢᠶ᠎ᠠ ᠵᠡᠷᠭᠡ ᠡᠷᠡᠭᠦᠯ ᠮᠡᠨᠳᠤ ᠶᠢᠨ ᠲᠠᠯᠠᠪᠤᠷ ᠭᠠᠵᠠᠷ ᠢ ᠡᠭᠦᠳᠦᠨ ᠪᠠᠶᠢᠭᠤᠯᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃      ᠲᠠᠪᠤ᠂ ᠡᠷᠡᠭᠦᠯ ᠮᠡᠨᠳᠦ ᠶᠢᠨ ᠠᠵᠢᠯᠯᠠᠭ᠎ᠠ ᠶᠢ ᠥᠷᠨᠢᠭᠦᠯᠦᠨ᠎ᠡ᠃ ᠡᠷᠡᠭᠦᠯ ᠮᠡᠨᠳᠦ ᠶᠢᠨ ᠭᠤᠣᠯ ᠰᠡᠳᠦᠪᠲᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠳᠠᠪᠤᠰᠤ ᠶᠢ ᠪᠠᠭᠠᠰᠬᠠᠬᠤ᠂ ᠲᠣᠰᠣ ᠶᠢ ᠪᠠᠭᠠᠰᠬᠠᠬᠤ᠂ ᠰᠢᠬᠢᠷ ᠢ ᠪᠠᠭᠠᠰᠬᠠᠬᠤ︾ ᠭᠤᠷᠪᠠ ᠶᠢ ᠪᠠᠭᠠᠰᠬᠠᠬᠤ ᠲᠤᠰᠬᠠᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ ᠬᠤᠭᠤᠯᠠ ᠤᠮᠳᠠ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ ᠲᠠᠮᠠᠬᠢ ᠲᠠᠲᠠᠬᠤ ᠪᠠᠨ ᠵᠣᠭᠰᠣᠬᠤ ᠠᠷᠢᠬᠢ ᠶᠢ ᠬᠢᠵᠠᠭᠠᠷᠯᠠᠬᠤ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ︽ᠡᠷᠡᠭᠦᠯ ᠴᠢᠭᠢᠷᠠᠭ ᠠᠷᠤᠭ ᠶᠠᠰᠤ᠂ ᠡᠷᠡᠭᠦᠯ ᠴᠢᠭᠢᠷᠠᠭ ᠴᠢᠰᠤᠨ ᠳᠠᠷᠤᠯᠲᠠ᠂ ᠡᠷᠡᠭᠦᠯ ᠴᠢᠭᠢᠷᠠᠭ ᠠᠮᠠᠨ ᠬᠥᠨᠳᠡᠢ︾ ᠭᠤᠷᠪᠠᠨ ᠡᠷᠡᠭᠦᠯ ᠴᠢᠭᠢᠷᠠᠭ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃      ᠡᠷᠡᠭᠦᠯ ᠰᠠᠷᠠᠭᠤᠯ ᠣᠷᠴᠢᠨ ᠨᠥᠬᠦᠴᠡᠯ ᠢ ᠪᠤᠢ ᠪᠣᠯᠭᠠᠨ᠎ᠠ᠃ ᠡᠯ᠎ᠡ ᠲᠣᠮᠣ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠬᠠᠷᠠᠭᠠᠰᠤ᠂ ᠣᠯᠠᠨ ᠲᠠᠰ ᠳᠠᠪᠬᠤᠷᠭ᠎ᠠ᠂ ᠪᠥᠬᠦ ᠲᠠᠯ᠎ᠠ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠣᠷᠴᠢᠨ ᠲᠣᠭᠤᠷᠢᠨ ᠤ ᠪᠤᠵᠠᠷ᠂ ᠡᠮᠬᠢ ᠵᠠᠮᠪᠠᠷᠠᠭ᠎ᠠ ᠦᠭᠡᠢ᠂ ᠪᠠᠷᠤᠭᠲᠠᠢ ᠵᠡᠷᠭᠡ ᠠᠰᠠᠭᠤᠳᠠᠯ ᠢ ᠦᠨᠡᠨᠬᠦ ᠴᠡᠭᠴᠡᠯᠡᠨ ᠵᠠᠰᠠᠵᠤ᠂ ᠡᠷᠡᠭᠦᠯ ᠮᠡᠨᠳᠦ ᠳᠤ ᠨᠠᠩ ᠠᠰᠢᠭᠲᠠᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号