ᠮᠠᠯᠴᠢᠨ ᠲᠠᠷᠢᠶᠠᠴᠢᠨ ᠤ ᠰᠡᠳᠬᠢᠯ ᠳᠤ ᠬᠦᠷᠦᠭᠰᠡᠨ ᠤᠨᠴᠠᠭᠠᠢ ᠨᠢᠭᠡᠨ ᠬᠢᠴᠢᠶᠡᠯ
ᠨᠡᠶᠢᠲᠡᠯᠡᠭᠰᠡᠨ ᠴᠠᠭ᠄
2022/12/7
      ᠴᠦᠭᠡᠨ ᠲᠤᠭᠠᠳᠤ ᠦᠨᠳᠤᠰᠤᠳᠡᠨ ᠤ ᠤᠯᠠᠨ ᠲᠦᠮᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭᠠᠨ ᠤ ᠠᠭᠤᠯᠤᠭᠳᠠᠬᠤᠨ ᠢ ᠤᠨᠤᠪᠴᠢᠲᠠᠢ ᠤᠶᠢᠯᠠᠭᠠᠭᠤᠯᠤᠨ ᠡᠵᠡᠮᠰᠢᠬᠦᠯᠬᠦ ᠶᠢᠨ ᠲᠤᠰᠠᠳᠠ᠂       ᠤᠶᠢᠷ᠎ᠠ ᠶᠢᠨ ᠡᠳᠤᠷ᠂ ᠰᠤᠪᠨᠠᠭᠤᠷ ᠰᠤᠮᠤ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠤᠷ ᠢ  ᠤᠷᠢᠵᠤ᠂ ᠮᠤᠩᠭᠤᠯ ᠬᠡᠯᠡ ᠪᠠᠷ ᠤᠶᠢᠷ᠎ᠠ ᠬᠠᠪᠢ ᠶᠢᠨ ᠮᠠᠯᠴᠢᠨ ᠲᠠᠷᠢᠶᠠᠴᠢᠨ ᠨᠠᠮ ᠤᠨ ᠭᠡᠰᠢᠭᠦᠨ ᠪᠠ ᠤᠯᠠᠨ ᠲᠦᠮᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭᠠᠨ ᠤ ᠲᠤᠬᠠᠢ ᠨᠠᠮ ᠤᠨ ᠬᠢᠴᠢᠶᠡᠯ ᠢ ᠠᠮᠢᠳᠤᠯᠢᠭ ᠰᠠᠶᠢᠬᠠᠨ ᠶᠠᠷᠢᠵᠤ ᠦᠭᠭᠦᠭᠰᠡᠨ ᠪᠠᠶᠢᠨ᠎ᠠ᠃      ᠨᠠᠮ ᠤᠨ ᠭᠡᠰᠢᠭᠦᠨ ᠤ ᠭᠤᠤᠯᠳᠠᠯᠭᠠᠳᠤ ᠡᠷᠤᠬᠡ ᠳᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠤᠯᠠᠭᠠᠨᠴᠡᠴᠡᠭ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠤᠭ       ᠵᠤᠬᠢᠶᠠᠯ ᠲᠠᠢ ᠨᠢᠭᠳᠠ ᠤᠶᠠᠯᠳᠤᠭᠤᠯᠵᠤ᠂ ᠦᠪᠡᠷ ᠤᠨ ᠰᠤᠷᠤᠯᠴᠠᠭᠰᠠᠨ ᠤᠶᠢᠯᠠᠭᠠᠯᠲᠠ ᠲᠦᠷᠦᠭᠳᠡᠯ ᠪᠠ ᠦᠨᠳᠤᠰᠤᠨ ᠱᠠᠳᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ       ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠲᠡᠳᠡᠨ ᠲᠠᠢ ᠰᠠᠨᠠᠯ ᠪᠤᠳᠤᠯ ᠢᠶᠠᠨ ᠰᠤᠯᠢᠯᠴᠠᠭᠰᠠᠨ ᠪᠠᠶᠢᠨ᠎ᠠ᠃ ᠤᠬᠠᠭᠤᠯᠤᠨ ᠲᠠᠶᠢᠯᠪᠤᠷᠢᠯᠠᠬᠤ ᠳᠠᠭᠠᠨ ᠮᠠᠯᠴᠢᠨ ᠲᠠᠷᠢᠶᠠᠴᠢᠨ ᠨᠠᠮ ᠤᠨ ᠭᠡᠰᠢᠭᠦᠨ ᠤᠯᠠᠨ ᠲᠦᠮᠡᠨ ᠤ ᠠᠩᠬᠠᠷᠴᠤ ᠪᠠᠶᠢᠭ᠎ᠠ ᠲᠡᠲᠡᠨ ᠤ ᠦᠢᠯᠡᠳᠪᠤᠷᠢᠯᠡᠯ ᠠᠮᠢᠳᠤᠷᠠᠯ ᠳᠤ ᠦᠷᠬᠦᠯᠵᠢ ᠳᠤᠬᠢᠶᠠᠯᠳᠤᠳᠠᠭ ᠪᠣᠲᠠᠲᠤ ᠶᠠᠪᠤᠳᠠᠯ ᠢᠶᠠᠷ ᠵᠢᠱᠢᠶ᠎ᠡ ᠪᠤᠯᠭᠠᠵᠤ᠂ ᠲᠥᠭᠦᠮ ᠤᠶᠢᠯᠠᠭᠠᠮᠵᠢᠲᠠᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠥᠨᠳᠤᠰᠤᠨ ᠱᠠᠲᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠳᠤ ᠲᠠᠶᠢᠯᠪᠤᠷᠢᠯᠠᠨ ᠶᠠᠷᠢᠭᠰᠠᠨ ᠪᠠᠶᠢᠨ᠎ᠠ᠃      ᠰᠤᠪᠨᠠᠭᠤᠷ ᠰᠤᠮᠤᠨ ᠤ ᠨᠠᠮ ᠤᠨ ᠬᠤᠷᠢᠶᠠᠨ ᠤ ᠱᠦᠵᠢ ᠬᠤᠤᠰᠪᠠᠭᠠᠨ᠎ᠠ᠄ ︽ᠲᠤᠰ ᠤᠳᠠᠭᠠᠨ ᠤ       ᠬᠢᠴᠢᠶᠡᠯ ᠢᠶᠠᠷ ᠲᠠᠮᠵᠢᠨ᠂ ᠨᠠᠮ ᠤᠨ ᠭᠡᠰᠢᠭᠦᠨ ᠤ ᠭᠤᠤᠯᠳᠠᠯᠭᠠᠳᠤ ᠡᠷᠤᠬᠡ ᠶᠢᠨ ︿ᠡᠶᠡᠳᠡᠭᠦᠯᠦᠭᠴᠢ﹀ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︿ᠪᠠᠭ᠎ᠠ ᠰᠠᠭᠤᠷᠢᠨ ᠭᠠᠵᠠᠷ ᠲᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠬᠦ﹀᠂ ᠦᠨᠳᠤᠰᠤᠳᠡᠨ ᠤ ᠦᠭᠡ ᠬᠡᠯᠡ ᠪᠠᠷ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠬᠤ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠨ ᠲᠦᠮᠡᠨ ᠤ       ᠭᠡᠷ ᠲᠤ ᠬᠦᠷᠭᠡᠵᠤ᠂ ᠤᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠤᠨ᠂ ᠲᠡᠳᠡᠨ ᠳᠤ ᠨᠠᠮ ᠪᠠ ᠵᠠᠰᠠᠭ ᠤᠨ ᠬᠠᠶᠢᠷ᠎ᠠ ᠬᠠᠯᠠᠮᠵᠢ ᠶᠢ ᠬᠦᠷᠳᠡᠭᠡᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠬᠦᠴᠦᠷᠬᠡᠭ ᠶᠡᠭᠡ ᠬᠠᠮᠳᠤ ᠶᠢᠨ ᠬᠦᠴᠦᠨ ᠢ ᠨᠢᠭᠳᠠᠷᠠᠭᠤᠯᠤᠭᠰᠠᠨ ᠪᠠᠶᠢᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号