ᠮᠠᠨ ᠤ ᠬᠤᠰᠢᠭᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2022/12/7
      11 ᠳ᠋ᠤᠭᠠᠷ ᠰᠠᠷ᠎ᠠ ᠶᠢᠨ 30 ᠤ ᠡᠳᠦᠷ᠂ ᠪᠥᠬᠦ ᠬᠤᠰᠢᠭᠤᠨ ᠤ ᠰᠠᠯᠠᠭᠠᠨ ᠲᠠᠰ ᠤᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠰᠤᠷᠤᠯᠭ᠎ᠠ ᠡᠬᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠠᠮ ᠤᠨ ᠰᠤᠷᠭᠠᠭᠤᠯᠢ ᠶᠢᠨ ᠵᠠᠬᠢᠷᠤᠯ ᠳ᠋ᠦ᠋ ᠶᠦᠩ ᠭᠠᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠄ ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠡᠷᠬᠡᠪᠰᠢ ᠵᠢᠱᠢᠶ᠎ᠡ ᠦᠵᠡᠭᠦᠯᠦᠨ ᠳᠤᠯᠤᠭᠠᠶᠢᠯᠠᠨ ᠰᠤᠷᠤᠯᠴᠠᠵᠤ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠥᠨᠡᠨᠬᠦ ᠨᠢᠭᠡᠳᠬᠡᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠡᠦᠬᠡ ᠶᠢᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠨ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢ ᠬᠥᠯᠢᠶᠡᠬᠦ ᠶᠢᠨ ᠬᠠᠮᠲᠤ ᠰᠢᠨ᠎ᠡ ᠠᠶᠠᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠡᠭᠦᠨ ᠳᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠡᠷᠬᠡᠪᠰᠢ ᠢᠳᠡᠪᠬᠢᠲᠠᠢ ᠬᠥᠳᠡᠯᠦᠯᠴᠡᠨ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠵᠢᠴᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠶᠢ ᠰᠠᠶᠢᠲᠤᠷ ᠠᠰᠢᠭᠯᠠᠵᠤ᠂ ᠡᠯᠪᠡᠭ ᠪᠠᠶᠠᠯᠢᠭ ᠰᠦᠯᠵᠢᠶᠡᠨ ᠤ ᠡᠬᠢ ᠪᠠᠶᠠᠯᠢᠭ ᠪᠠ ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠠᠰᠢᠭᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠨᠠᠮ ᠤᠨ ᠳᠦᠷᠢᠮ ᠢ ᠰᠤᠷᠤᠯᠴᠠᠬᠤ ᠪᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠳᠠᠶᠢᠵᠭᠤᠯᠣᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠵᠡᠨ᠎ᠡ ᠳᠤ ᠨᠠᠶᠢᠳᠠᠪᠤᠷᠢᠵᠢᠭᠤᠯᠬᠤ ᠶᠢ ᠥᠨᠨᠡᠬᠦ ᠠᠬᠢᠭᠤᠯᠬᠤ ᠬᠡᠷᠡᠭᠲᠡᠢ ᠭᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠠᠩᠭᠢ ᠶᠢ 2022 ᠣᠨ ᠤ 11 ᠳ᠋ᠦ᠋ᠭᠡᠷ ᠰᠠᠷ᠎ᠠ ᠠᠴᠠ ᠡᠬᠢᠯᠡᠨ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠱᠠᠲᠤ ᠬᠤᠪᠢᠶᠠᠨ ᠶᠠᠪᠣᠭᠳᠠᠭᠤᠯᠬᠤ ᠪᠠᠷ ᠪᠠᠶᠢᠵᠦ᠂ ᠡᠨᠡ ᠨᠢ ᠮᠥᠨᠴᠦ ᠰᠠᠯᠠᠭᠠᠨ ᠲᠠᠰ ᠤᠨ ᠺᠠᠳ᠋ᠷᠴᠤᠳ ᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠶᠢ ᠨᠡᠶᠢᠳᠡᠮ ᠪᠦᠷᠬᠦᠭᠦᠯᠬᠦ ᠶᠢ ᠪᠡᠶᠡᠯᠡᠬᠦᠯᠬᠦ ᠪᠣᠯᠣᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号