ᠰᠠᠶᠢᠬᠠᠨᠲᠤᠤᠷᠠᠢ ᠰᠤᠮᠤ ᠶᠢᠨ ᠮᠥᠩᠬᠡᠲᠦ ᠭᠠᠴᠠᠭᠠᠨ ᠤ ᠤᠰᠤᠨ ᠬᠠᠰᠢᠯᠭ᠎ᠠ ᠶᠢ ᠵᠠᠰᠠᠨ ᠦᠷᠭᠡᠳᠭᠡᠬᠦ ᠲᠦᠷᠦᠯ ᠵᠦᠢᠯ ᠠᠵᠢᠯ ᠢᠶᠠᠨ ᠳᠠᠭᠤᠰᠬᠠᠨ ᠠᠰᠢᠭᠯᠠᠯᠲᠠ ᠳᠤ ᠤᠷᠤᠪᠠ
ᠨᠡᠶᠢᠲᠡᠯᠡᠭᠰᠡᠨ ᠴᠠᠭ᠄
2022/12/7
      ᠤᠶᠢᠷ᠎ᠠ ᠶᠢᠨ ᠡᠳᠦᠷ᠂ ᠰᠠᠶᠢᠬᠠᠨᠲᠤᠤᠷᠠᠢ ᠰᠤᠮᠤᠨ ᠤ ᠮᠥᠩᠬᠡᠲᠦ ᠭᠠᠴᠠᠭᠠᠨ ᠤ ᠤᠰᠤᠨ ᠬᠠᠰᠢᠯᠭ᠎ᠠ ᠶᠢ ᠵᠠᠰᠠᠨ ᠦᠷᠭᠡᠳᠭᠡᠬᠦ ᠲᠦᠷᠦᠯ ᠵᠦᠢᠯ ᠠᠵᠢᠯ ᠢᠶᠠᠨ ᠳᠠᠭᠤᠰᠬᠠᠵᠤ ᠠᠰᠢᠭᠯᠠᠯᠲᠠ ᠳᠤ ᠤᠷᠤᠪᠠ᠃      ᠬᠠᠭᠤᠴᠢᠨ ᠮᠥᠩᠬᠡᠲᠦ ᠶᠢᠨ ᠤᠰᠤᠨ ᠬᠠᠰᠢᠯᠭ᠎ᠠ ᠶᠢ ᠵᠠᠰᠠᠨ ᠦᠷᠭᠡᠳᠭᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ᠂ ᠬᠠᠭᠤᠴᠢᠨ ᠤᠰᠤᠨ ᠬᠠᠰᠢᠯᠭ᠎ᠠ ᠨᠢ ᠴᠤ ᠰᠢᠨ᠎ᠡ ᠪᠠᠷ ᠰᠤᠯᠢᠭᠳᠠᠵᠠᠢ᠃      ᠬᠠᠭᠤᠴᠢᠨ ᠮᠥᠩᠬᠡᠲᠦ ᠶᠢᠨ ᠤᠰᠤᠨ ᠬᠠᠰᠢᠯᠭ᠎ᠠ ᠨᠢ ᠮᠠᠨ ᠤ ᠬᠤᠰᠢᠭᠤᠨ ᠤ ᠬᠤᠶᠢᠲᠦ ᠭᠤᠤᠯ ᠤᠨ ᠳᠤᠮᠳᠠ ᠤᠷᠤᠰᠬᠠᠯ᠂ ᠯᠤᠤᠩᠵᠠ ᠶᠢᠨ ᠭᠤᠤᠯ ᠤᠨ ᠡᠬᠢᠨ ᠠᠭᠤᠯᠵᠠᠭᠤᠷ ᠢᠶᠠᠷ ᠪᠠᠶᠢᠷᠢᠯᠠᠵᠤ᠂ ᠮᠠᠨ ᠤ ᠬᠤᠰᠢᠭᠤᠨ ᠤ ᠬᠤᠶᠢᠲᠦ ᠭᠤᠤᠯ ᠤᠨ ᠤᠰᠤᠨ ᠤ ᠬᠤᠪᠢᠶᠠᠷᠢᠯᠠᠯᠲᠠ ᠶᠢᠨ ᠴᠢᠬᠤᠯᠠ ᠨᠢᠭᠡᠨ ᠪᠠᠭᠠᠯᠵᠤᠤᠷ ᠪᠤᠯᠤᠨ᠎ᠠ᠃ ᠤᠤᠯ ᠤᠨ ᠤᠰᠤᠨ ᠬᠠᠰᠢᠯᠭ᠎ᠠ ᠨᠢ 1978 ᠤᠨ ᠳᠤ ᠪᠠᠶᠢᠭᠤᠯᠤᠭᠳᠠᠵᠤ᠂ 2010 ᠤᠨ ᠳᠤ ᠳᠠᠬᠢᠨ ᠰᠡᠯᠪᠢᠨ ᠵᠠᠰᠠᠵᠤ ᠦᠷᠭᠡᠳᠭᠡᠵᠡᠢ᠃ ᠤᠳᠠᠭᠠᠨ ᠵᠢᠯ ᠵᠠᠰᠠᠭᠰᠠᠨ ᠦᠭᠡᠢ ᠠᠴᠠ ᠤᠰᠤᠨ ᠬᠠᠰᠢᠯᠭ᠎ᠠ ᠶᠢᠨ ᠳᠡᠭᠡᠳᠦ ᠳᠤᠤᠷᠠᠲᠦ       ᠤᠷᠤᠰᠬᠠᠯ ᠤᠨ ᠤᠯᠠᠨ ᠭᠠᠵᠠᠷ ᠢᠶᠠᠷ ᠤᠰᠤ ᠨᠡᠪᠴᠢᠬᠦ ᠵᠢᠴᠢ ᠤᠰᠤᠨ ᠬᠠᠰᠢᠯᠭ᠎ᠠ ᠶᠢᠨ ᠦᠷᠭᠡᠨ ᠤ ᠬᠡᠮᠵᠢᠶ᠎ᠡ ᠨᠢ ᠬᠤᠶᠢᠲᠦ ᠭᠤᠤᠯ ᠤᠨ ᠦᠶᠡᠷ ᠵᠠᠯᠠᠬᠤ ᠴᠢᠳᠠᠪᠤᠷᠢ ᠶᠢ ᠬᠠᠩᠭᠠᠵᠤ ᠳᠡᠶᠢᠯᠬᠦ ᠦᠭᠡᠢ ᠪᠤᠯᠵᠤ᠂ ᠲᠦᠭᠵᠢᠷᠡᠯ ᠤᠨ ᠪᠠᠶᠢᠳᠠᠯ᠂ ᠨᠤᠷᠠᠬᠤ ᠪᠠᠶᠢᠳᠠᠯ ᠢᠯᠡᠷᠡᠨ᠂ ᠠᠮᠦᠷ ᠲᠦᠪᠰᠢᠨ ᠤ ᠳᠡᠯᠳᠡ ᠭᠡᠮ ᠤᠷᠤᠰᠢᠪᠠ᠃ ᠳᠤᠤᠷᠠᠲᠦ       ᠤᠷᠤᠰᠬᠠᠯ ᠤᠨ ᠤᠰᠤᠨ ᠤ ᠡᠬᠢ ᠪᠠᠶᠠᠯᠢᠭ ᠢ ᠵᠤᠬᠢᠰᠲᠠᠢ ᠬᠤᠪᠢᠶᠠᠷᠢᠯᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠂ ᠡᠪᠡᠰᠦ ᠪᠡᠯᠴᠢᠭᠡᠷ ᠤᠨ ᠬᠡᠪ ᠤᠨ ᠤᠰᠤᠯᠠᠯᠲᠠ ᠶᠢ ᠪᠠᠲᠤᠯᠠᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠶᠢᠨ ᠲᠤᠰᠠᠲᠠ᠂ ᠬᠠᠭᠤᠴᠢᠨ       ᠮᠥᠩᠬᠡᠲᠦ ᠶᠢᠨ ᠤᠰᠤᠨ ᠬᠠᠰᠢᠯᠭ᠎ᠠ ᠶᠢ ᠰᠡᠯᠪᠢᠨ ᠵᠠᠰᠠᠵᠤ ᠦᠷᠭᠡᠳᠭᠡᠬᠦ ᠲᠦᠷᠦᠯ ᠵᠦᠢᠯ ᠤᠨ ᠬᠡᠷᠡᠭᠵᠢᠭᠦᠯᠦᠯᠲᠡ ᠶᠢ       ᠮᠡᠳᠡᠭᠦᠯᠵᠡᠢ᠃ ᠤᠶᠢᠯᠠᠭᠠᠭᠰᠠᠨ ᠢᠶᠠᠷ᠂ ᠬᠠᠭᠤᠴᠢᠨ ᠮᠥᠩᠬᠡᠲᠦ ᠶᠢᠨ ᠤᠰᠤᠨ ᠬᠠᠰᠢᠯᠭ᠎ᠠ ᠶᠢ ᠰᠡᠯᠪᠢᠨ  ᠵᠠᠰᠠᠵᠤ ᠦᠷᠭᠡᠳᠭᠡᠬᠦ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠲᠠ ᠨᠢ 675 ᠲᠦᠮᠡᠨ ᠲᠦᠭᠦᠷᠢᠭ ᠪᠠᠶᠢᠵᠤ᠂ ᠭᠤᠤᠯᠳᠠᠭᠤ ᠬᠠᠭᠤᠴᠢᠨ ᠤᠰᠤᠨ ᠬᠠᠰᠢᠯᠭ᠎ᠠ ᠶᠢ ᠰᠡᠯᠪᠢᠨ ᠵᠠᠰᠠᠬᠤ ᠰᠠᠭᠤᠷᠢᠨ ᠳᠡᠭᠡᠷ᠎ᠠ ᠦᠷᠭᠡᠳᠭᠡᠨ ᠪᠠᠶᠢᠭᠤᠯᠤᠭᠰᠠᠨ ᠪᠠᠶᠢᠨ᠎ᠠ᠃       ᠰᠠᠶᠢᠬᠠᠨᠲᠤᠤᠷᠠᠢ ᠰᠤᠮᠤ ᠶᠢᠨ ᠮᠥᠩᠬᠡᠲᠦ ᠭᠠᠴᠠᠭ᠎ᠠ ᠶᠢᠨ ᠳᠡᠳ᠋ ᠱᠦᠵᠢ ᠵᠠᠩ ᡁᠢ ᠵᠢᠶᠦ᠋ᠨ᠄ ︽ᠮᠦᠩᠭᠡᠲᠦ ᠭᠠᠴᠠᠭᠠᠨ ᠤ ᠤᠰᠤᠨ ᠬᠠᠰᠢᠯᠭ᠎ᠠ ᠤᠳᠠᠭᠠᠨ ᠵᠢᠯ ᠵᠠᠰᠠᠭᠰᠠᠨ ᠦᠭᠡᠢ ᠠᠴᠠ ᠪᠤᠯᠵᠤ ᠭᠤᠤᠯ ᠴᠤᠭᠴᠠ ᠶᠢᠨ ᠬᠡᠰᠡᠭ ᠨᠢ ᠨᠤᠷᠠᠬᠤ ᠪᠠᠶᠢᠳᠠᠯ ᠢᠯᠡᠷᠡᠭᠰᠡᠨ᠂ ᠪᠠᠰᠠ ᠬᠠᠵᠠᠭᠤ ᠪᠠᠷ ᠨᠢ ᠤᠰᠤ ᠨᠡᠪᠴᠢᠬᠦ ᠥᠵᠡᠭᠳᠡᠯ ᠭᠠᠷᠴᠦ ᠮᠠᠯᠴᠢᠨ ᠲᠠᠷᠢᠶᠠᠴᠢᠳ ᠤᠨ ᠡᠪᠡᠰᠦ ᠪᠡᠯᠴᠢᠭᠡᠷ ᠤᠨ ᠤᠰᠤᠵᠢᠭᠤᠯᠤᠯᠲᠠ ᠬᠢᠬᠦ ᠳᠤ ᠶᠡᠭᠡ ᠳᠦᠭᠦᠮ ᠦᠭᠡᠢ ᠪᠤᠯᠤᠭᠰᠠᠨ᠃ ᠬᠠᠮᠤᠭ ᠠᠩᠬᠠᠨ ᠳᠠᠭᠠᠨ ᠬᠦᠮᠦᠨ ᠤ ᠬᠦᠴᠦ ᠪᠠᠷ ᠤᠰᠤᠨ ᠬᠠᠰᠢᠯᠭ᠎ᠠ ᠶᠢ ᠨᠡᠭᠡᠭᠡᠵᠤ ᠬᠠᠭᠠᠳᠠᠭ ᠪᠠᠶᠢᠭᠰᠠᠨ᠂ ᠰᠡᠭᠦᠯᠡᠷ ᠨᠢ ᠴᠠᠬᠢᠯᠭᠠᠨ ᠨᠡᠪᠲᠡᠷᠡᠭᠰᠡᠨ ᠤ ᠳᠠᠷᠠᠭ᠎ᠠ ᠴᠠᠬᠢᠯᠭᠠᠨ ᠮᠠᠰᠢᠨ ᠬᠡᠷᠡᠭᠯᠡᠬᠦ ᠪᠤᠯᠤᠭᠰᠠᠨ᠂ ᠶᠡᠭᠡ ᠳᠦᠭᠦᠮ ᠪᠤᠯᠤᠭᠰᠠᠨ᠂ ᠡᠨᠡ ᠤᠳᠠᠭ᠎ᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠤᠢ ᠰᠢᠭᠤᠢ ᠤᠰᠤᠨ ᠤ ᠶᠠᠪᠤᠳᠠᠯ ᠵᠡᠷᠭᠡ ᠤᠯᠠᠨ ᠰᠠᠯᠠᠭ᠎ᠠ ᠮᠦᠴᠢᠷ ᠬᠠᠪᠰᠤᠷᠤᠯᠴᠠᠨ ᠪᠠᠰᠠ ᠨᠢᠭᠡ ᠤᠳᠠᠭ᠎ᠠ ᠰᠢᠨᠡᠳᠬᠡᠨ ᠥᠭᠡᠷᠡᠴᠢᠯᠡᠭᠰᠡᠨ᠃ ᠡᠨᠡ ᠨᠢ ᠮᠦᠩᠬᠡᠲᠦ ᠭᠠᠴᠠᠭ᠎ᠠ ᠶᠢᠨ ᠮᠠᠯᠴᠢᠨ ᠲᠠᠷᠢᠶᠠᠴᠢᠳ᠂ ᠪᠠᠰᠠ ᠠᠮᠢ ᠠᠬᠤᠢ ᠶᠢᠨ ᠰᠡᠷᠭᠦᠯᠲᠡ ᠪᠤᠯᠤᠨ       ᠪᠢᠳᠠᠨ ᠤ ᠠᠵᠢᠯ ᠳᠤ ᠶᠡᠭᠡ ᠳᠦᠭᠦᠮ ᠢ ᠠᠪᠴᠢᠷᠠᠭᠰᠠᠨ᠂ ᠤᠰᠤᠨ ᠤ ᠡᠬᠢ ᠪᠠᠶᠠᠯᠢᠭ ᠢ ᠵᠤᠬᠢᠰᠲᠠᠢ ᠠᠰᠢᠭᠯᠠᠨ᠂ ᠤᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠪᠤᠯᠤᠨ᠎ᠠ︾ ᠭᠡᠪᠡ᠃      ᠤᠶᠢᠷ᠎ᠠ ᠶᠢᠨ ᠵᠢᠯ ᠳᠤ᠂ ᠰᠠᠶᠢᠬᠠᠨᠲᠤᠤᠷᠠᠢ ᠰᠤᠮᠤ  ᠨᠢ ᠳᠤᠬᠢᠶᠠᠯ ᠢ ᠰᠠᠶᠢᠲᠦᠷ ᠠᠳᠬᠤᠨ᠂ ᠤᠯᠤᠰ ᠤᠨ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠪᠡᠯᠡ ᠮᠦᠩᠭᠦ᠂ ︽ᠨᠢᠬᠡ ᠶᠠᠪᠤᠳᠠᠯ ᠢ ᠨᠢᠭᠡ ᠵᠦᠪᠯᠡᠬᠦ︾ ᠲᠦᠷᠦᠯ ᠵᠦᠢᠯ ᠤᠨ ᠪᠡᠯᠡ ᠮᠦᠩᠭᠦ᠂ ᠴᠦᠭᠡᠨ ᠲᠤᠭᠠᠲᠦ ᠦᠨᠳᠦᠰᠦᠲᠡᠨ ᠤ ᠬᠦᠭᠵᠢᠭᠦᠯᠦᠯᠲᠡ ᠶᠢᠨ ᠪᠡᠯᠡ ᠮᠦᠩᠭᠦ᠂ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠩᠭᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠡᠯᠡ ᠮᠦᠩᠭᠦ ᠵᠡᠷᠭᠡ ᠡᠯ᠎ᠡ ᠲᠦᠷᠦᠯ ᠤᠨ ᠪᠡᠯᠡ ᠮᠦᠩᠭᠦ ᠶᠢ ᠢᠲᠡᠪᠬᠢᠲᠡᠢ ᠲᠡᠮᠡᠴᠡᠨ ᠤᠯᠵᠤ᠂       ᠰᠤᠮᠤ ᠶᠢᠨ ᠡᠯ᠎ᠡ ᠲᠦᠷᠦᠯ ᠤᠨ ᠠᠵᠢᠯ ᠨᠢ ᠤᠰᠤ᠂ ᠴᠠᠬᠢᠯᠭᠠᠨ᠂ ᠵᠠᠮ᠂ ᠮᠡᠳᠡᠭᠡ ᠴᠢᠮᠡᠭᠡ ᠵᠡᠷᠭᠡ ᠰᠠᠭᠤᠷᠢ ᠲᠤᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠲᠡᠭᠦᠯᠳᠡᠷᠵᠢᠭᠦᠯᠪᠡ᠃ ᠲᠤᠰ ᠲᠦᠷᠦᠯ ᠵᠦᠢᠯ ᠬᠡᠷᠡᠭᠵᠢᠭᠦᠯᠦᠭᠳᠡᠬᠦ ᠪᠠᠷ ᠳᠠᠮᠵᠢᠨ ᠲᠤᠭᠲᠠᠮᠠᠯ ᠬᠦᠷᠦᠩᠭᠡ ᠶᠢᠨ ᠬᠦᠭᠵᠢᠯᠲᠡ ᠶᠢ ᠳᠠᠶᠢᠴᠢᠯᠠᠨ᠂ ᠭᠠᠴᠠᠭᠠᠨ ᠤ       ᠨᠡᠶᠢᠲᠡ ᠶᠢᠨ ᠠᠵᠤ ᠠᠬᠤᠢ ᠶᠢᠨ ᠬᠦᠭᠵᠢᠯᠲᠡ ᠳᠤ ᠰᠠᠭᠤᠷᠢ ᠶᠢ ᠲᠠᠯᠪᠢᠵᠤ᠂ ᠠᠷᠠᠳ ᠤᠨ ᠠᠮᠢᠳᠤᠷᠠᠯ ᠢ ᠦᠨᠡᠨᠬᠦ ᠳᠡᠭᠡᠭᠰᠢᠯᠡᠭᠦᠯᠪᠡ᠃    ᠲᠤᠰ ᠲᠦᠷᠦᠯ ᠵᠦᠢᠯ ᠤᠨ ᠬᠡᠷᠡᠭᠵᠢᠭᠦᠯᠦᠭᠳᠡᠭᠰᠡᠨ ᠨᠢ ᠰᠤᠪᠨᠠᠭᠤᠷ᠂ ᠭᠠᠰᠢᠭᠤᠨ ᠨᠠᠭᠤᠷ ᠤᠨ ᠬᠡᠪ ᠤᠨ ᠤᠰᠤ ᠤᠷᠤᠬᠤ ᠳᠤ ᠵᠠᠩᠭᠢᠯᠠᠭ᠎ᠠ ᠶᠢᠨ ᠴᠢᠨᠠᠷ ᠲᠠᠢ ᠪᠠᠲᠤᠯᠠᠭ᠎ᠠ ᠶᠢᠨ ᠦᠢᠯᠡᠳᠦᠯ ᠲᠠᠢ ᠪᠠᠶᠢᠵᠤ᠂ ᠪᠠᠶᠢᠭᠠᠯᠢ ᠶᠢᠨ       ᠤᠷᠭᠤᠮᠠᠯ ᠤᠨ ᠰᠡᠷᠭᠦᠯᠲᠡ ᠳᠤ ᠠᠰᠢᠭ ᠲᠠᠢ ᠮᠦᠷᠲᠡᠭᠡᠨ᠂ ᠡᠷᠬᠢᠨ ᠲᠤᠭᠤᠷᠢᠨ ᠤ ᠵᠠᠮ ᠳᠠᠭᠠᠤ ᠶᠢᠨ ᠡᠪᠡᠰᠦ ᠪᠡᠯᠴᠢᠭᠡᠷ ᠤᠨ ᠡᠯᠡᠰᠦᠷᠬᠡᠭᠵᠢᠬᠦ᠂ ᠬᠤᠵᠢᠷᠰᠢᠬᠤ ᠬᠡᠮᠵᠢᠶ᠎ᠡ ᠶᠢ ᠨᠢ ᠪᠠᠭᠠᠰᠬᠠᠵᠤ᠂ 60 ᠲᠦᠮᠡᠨ ᠮᠤ᠋ ᠡᠪᠡᠰᠦ ᠪᠡᠯᠴᠢᠭᠡᠷ᠂ 1.9 ᠲᠦᠮᠡᠨ ᠮᠤ᠋ ᠡᠪᠡᠰᠦ ᠪᠤᠷᠳᠤᠭᠠᠨ ᠤ ᠭᠠᠵᠠᠷ ᠢ ᠤᠰᠤᠵᠢᠭᠤᠯᠬᠤ ᠶᠢ ᠪᠡᠶᠡᠯᠡᠭᠦᠯᠦᠨ᠂ ᠤᠷᠤᠨ ᠨᠤᠲᠤᠭ ᠤᠨ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠷᠭᠦᠯᠵᠢᠯᠡᠬᠦᠶᠢᠴᠡ ᠬᠦᠭᠵᠢᠯᠲᠡ ᠶᠢ ᠠᠬᠢᠭᠤᠯᠬᠤ ᠪᠤᠯᠤᠨ᠎ᠠ᠃      ᠰᠠᠶᠢᠬᠠᠨᠲᠤᠤᠷᠠᠢ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ ᠰᠤᠮᠤᠨ ᠳᠠᠷᠤᠭ᠎ᠠ ᠨᠠᠨᠳᠢᠨ᠄           ︽ᠮᠥᠩᠬᠡᠲᠦ ᠶᠢᠨ ᠤᠰᠤᠨ ᠬᠠᠰᠢᠯᠭ᠎ᠠ ᠠᠰᠢᠭᠯᠠᠯᠲᠠ ᠳᠤ ᠤᠷᠤᠭᠰᠠᠨ ᠤ ᠳᠠᠷᠠᠭ᠎ᠠ ᠰᠠᠶᠢᠬᠠᠨᠲᠤᠤᠷᠠᠢ ᠰᠤᠮᠤ ᠶᠢᠨ ᠤᠯᠠᠨ ᠵᠢᠯ ᠤᠰᠤᠨ ᠠᠰᠢᠭᠯᠠᠯᠲᠠ ᠶᠢᠨ ᠲᠤᠨᠤᠭ ᠲᠦᠬᠦᠭᠡᠷᠦᠮᠵᠢ ᠶᠢᠨ ᠬᠠᠭᠤᠴᠢᠷᠠᠨ ᠮᠠᠭᠤᠳᠠᠭᠰᠠᠨ ᠠᠴᠠ ᠬᠤᠶᠢᠲᠦ ᠭᠤᠤᠯ ᠲᠠᠭᠠᠤ ᠪᠠᠶᠢᠷᠢ ᠪᠡᠯᠴᠢᠭᠡᠷ ᠶᠢᠨ ᠤᠰᠤᠵᠢᠭᠤᠯᠤᠯᠲᠠ ᠶᠢ ᠨᠥᠯᠥᠭᠡᠯᠡᠵᠤ ᠪᠠᠶᠢᠭᠰᠠᠨ ᠪᠠᠶᠢᠳᠠᠯ ᠢ       ᠬᠤᠪᠢᠷᠠᠭᠤᠯᠵᠤ᠂ ᠭᠤᠣᠯ ᠲᠠᠭᠤ ᠤᠷᠤᠨ ᠶᠢᠨ ᠬᠡᠰᠡᠭ ᠭᠠᠴᠠᠭ᠎ᠠ ᠪᠤᠯᠤᠨ ᠮᠠᠯᠴᠢᠨ ᠲᠠᠷᠢᠶᠠᠴᠢᠨ ᠡᠷᠤᠬᠡ ᠶᠢᠨ ᠤᠰᠤᠵᠢᠭᠤᠯᠤᠯᠲᠠ ᠶᠢᠨ ᠠᠵᠢᠯ ᠳᠤ ᠲᠤᠩ ᠶᠡᠭᠡ ᠳᠥᠭᠦᠮ ᠪᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ  ᠳᠠᠭᠠᠨ ᠰᠠᠶᠢᠬᠠᠨᠲᠤᠤᠷᠠᠢ ᠰᠤᠮᠤ ᠭᠤᠤᠯ ᠨᠠᠭᠤᠷ ᠤᠨ ᠳᠠᠷᠤᠭ᠎ᠠ ᠶᠢᠨ ᠪᠠᠶᠢᠴᠠᠭᠠᠯᠲᠠ ᠶᠢᠨ ᠬᠦᠴᠦᠯᠡᠴᠡ ᠪᠠᠨ ᠤᠯᠠᠮ ᠶᠡᠬᠡᠰᠬᠡᠵᠦ᠂ ᠠᠮᠢ ᠠᠬᠤᠢ ᠶᠢᠨ ᠤᠰᠤ ᠶᠢ ᠰᠠᠶᠢᠲᠦᠷ ᠠᠰᠢᠭᠯᠠᠨ᠂ ᠡᠨᠡᠬᠦ ᠬᠢᠯᠪᠠᠷ ᠪᠤᠰᠤ ᠤᠯᠤᠭᠰᠠᠨ ᠠᠮᠢ       ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠤᠯᠠᠮ ᠪᠠᠬᠢᠵᠢᠭᠦᠯᠦᠨ᠎ᠡ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号