ᠦᠪᠡᠷᠳᠡᠭᠡᠨ ᠵᠠᠰᠠᠬᠤ ᠤᠷᠤᠨ ᠤ ᠬᠡᠬᠡᠷ᠎ᠡ ᠭᠠᠳᠠᠨᠠᠬᠢ ᠲᠡᠤᠬᠡ ᠶᠢᠨ ᠲᠤᠷᠠᠰᠬᠠᠯᠳᠤ ᠵᠦᠢᠯᠡᠰ ᠢ ᠬᠢᠨᠠᠨ | ᠡᠵᠡᠮᠳᠡᠬᠦ ᠲᠤᠷᠰᠢᠯᠳᠠ ᠶᠢᠨ ᠢᠨᠵᠧᠨᠧᠷᠢᠩ ᠪᠤᠯᠬᠤ ᠵᠢᠦᠢ ᠶᠠᠨ ᠤ ᠪᠠᠭᠤᠷᠢ ᠶᠢᠨ ᠠᠮᠤᠷ ᠲᠦᠪᠰᠢᠨ ᠤ | ᠰᠡᠷᠭᠡᠶᠢᠯᠡᠯᠳᠡ ᠶᠢᠨ ᠢᠨᠵᠧᠨᠧᠷᠢᠩ ᠤᠨ ᠨᠢᠭᠡᠳᠦᠭᠡᠷ ᠬᠤᠭᠤᠴᠠᠭᠠᠨ ᠤ ᠲᠦᠭᠦᠭᠡᠷᠤᠮᠵᠢ ᠶᠢᠨ ᠤᠭᠰᠠᠷᠠᠯᠳᠠ ᠶᠢᠨ | ᠠᠵᠢᠯ ᠨᠢ ᠡᠨᠡ ᠵᠢᠯ ᠤᠨ ᠳᠦᠷᠪᠡᠳᠦᠭᠡᠷ ᠰᠠᠷ᠎ᠠ ᠠᠴᠠ ᠠᠵᠢᠯ ᠢᠶᠠᠨ ᠡᠬᠢᠯᠡᠬᠦᠯᠵᠤ᠂ ᠲᠦᠷᠦᠯ ᠵᠦᠢᠯ ᠢ | ᠪᠠᠶᠢᠭᠤᠯᠤᠭᠰᠠᠨ ᠤ ᠲᠠᠷᠠᠭ᠎ᠠ ᠮᠠᠨ ᠤ ᠬᠤᠰᠢᠭᠤᠨ ᠤ ᠲᠡᠤᠬᠡ ᠶᠢᠨ ᠲᠤᠷᠠᠰᠬᠠᠯᠳᠤ ᠵᠦᠢᠯᠡᠰ ᠤᠨ ᠬᠠᠭᠤᠴᠢ | ᠪᠠᠭᠤᠷᠢ ᠶᠢᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠬᠡᠪᠴᠢᠶ᠎ᠡ ᠶᠢ ᠪᠦᠬᠦᠯᠢ ᠡᠳᠤᠷ ᠪᠦᠬᠦ ᠲᠠᠯ᠎ᠠ ᠠᠴᠠ ᠬᠠᠮᠠᠭᠠᠯᠠᠨ | ᠬᠠᠮᠢᠶᠠᠷᠴᠤ ᠴᠢᠳᠠᠬᠠᠤ ᠪᠤᠯᠤᠨ᠎ᠠ᠃ | ᠵᠢᠦᠢ ᠶᠠᠨ ᠤ ᠪᠠᠭᠤᠷᠢ ᠪᠤᠯᠬᠤ ᠨᠢᠭᠡᠳᠦᠭᠡᠷ ᠰᠤᠪᠤᠷᠭ᠎ᠠ ᠶᠢᠨ ᠲᠤᠬᠠᠢ ᠶᠢᠨ ᠲᠠᠯᠠᠪᠠᠢ ᠳᠤ᠂ ᠮᠡᠷᠭᠡᠵᠢᠯ ᠤᠨ | ᠠᠵᠢᠯᠳᠠᠨ ᠶᠠᠭ ᠠᠯᠤᠰ ᠡᠵᠡᠮᠰᠢᠯ ᠤᠨ ᠬᠢᠨᠠᠨ ᠡᠵᠡᠮᠳᠡᠬᠦ ᠰᠢᠰᠲ᠋ᠧᠮ ᠢ ᠤᠭᠰᠠᠷᠴᠤ ᠶᠠᠭᠠᠷᠠᠨ᠎ᠠ᠃ | ᠵᠢᠦᠢ ᠶᠠᠨ ᠤ ᠪᠠᠭᠤᠷᠢ ᠶᠢᠨ ᠠᠮᠤᠷ ᠲᠦᠪᠰᠢᠨ ᠤ ᠰᠡᠷᠭᠡᠶᠢᠯᠡᠯᠳᠡ ᠶᠢᠨ ᠢᠨᠵᠧᠨᠧᠷᠢᠩ ᠤᠨ ᠲᠠᠯ᠎ᠠ ᠶᠢᠨ | ᠠᠵᠢᠯᠳᠠᠨ ᠬᠠᠨ ᠵᠧᠨ ᠶᠦᠩ᠄ ︽ᠲᠡᠭᠦᠨ ᠤ ᠤᠨᠴᠠᠯᠢᠭ ᠨᠢ ᠭᠡᠪᠡᠯ 360 ᠭᠷᠠᠳᠦ᠋ᠰ ᠢᠶᠠᠷ ᠡᠷᠬᠢᠵᠤ᠂ ᠠᠦ᠋ᠲ᠋ᠤ᠋ | ᠮᠦᠷᠳᠡᠯᠳᠡ ᠶᠢᠨ ᠴᠢᠳᠠᠪᠤᠷᠢ ᠲᠠᠢ ᠪᠣᠯᠬᠤᠷ ᠦᠨᠴᠦᠭ ᠪᠤᠯᠤᠩ ᠢ ᠪᠦᠬᠦᠨ ᠢ ᠰᠡᠭᠦᠷᠳᠡᠯᠡᠵᠤ ᠴᠢᠳᠠᠨ᠎ᠠ᠂ ᠪᠠᠰᠠ | ᠤᠯᠠᠭᠠᠨ ᠤ ᠭᠠᠳᠠᠨᠠᠬᠢ ᠲᠤᠶᠠᠭ᠎ᠠ ᠶᠢᠨ ᠴᠢᠳᠠᠮᠵᠢ ᠲᠠᠢ᠂ ᠰᠦᠨᠢ ᠶᠠᠮᠠᠷ ᠴᠦ ᠭᠡᠷᠡᠯ ᠦᠭᠡᠢ ᠪᠠᠶᠢᠬᠤ ᠪᠠᠶᠢᠳᠠᠯ | ᠲᠤᠤᠷ᠎ᠠ ᠴᠦ ᠭᠡᠰᠡᠨ ᠲᠤᠳᠤᠷᠬᠠᠢ ᠤᠯᠵᠤ ᠬᠠᠷᠠᠨ᠎ᠠ᠂ ᠡᠨᠡ ᠨᠢ ᠲᠡᠤᠬᠡ ᠶᠢᠨ ᠲᠤᠷᠠᠰᠬᠠᠯᠳᠤ ᠵᠦᠢᠯᠡᠰ ᠢ ᠰᠡᠷᠭᠡᠶᠢᠯᠡᠨ | ᠬᠠᠮᠠᠭᠠᠯᠠᠬᠤ ᠳᠤ ᠲᠦᠢᠯ ᠤᠨ ᠶᠡᠭᠡ ᠠᠰᠢᠭ ᠲᠠᠢ ᠶᠤᠮ︾ ᠭᠡᠪᠡ᠃ | ᠤᠶᠢᠯᠠᠭᠠᠭᠰᠠᠨ ᠢᠶᠠᠷ᠂ ᠲᠤᠰ ᠤᠳᠠᠭᠠᠨ ᠤ ᠬᠢᠨᠡᠨ ᠡᠵᠡᠮᠳᠡᠬᠦ ᠰᠢᠰᠲ᠋ᠧᠮ ᠨᠢ ᠨᠠᠷᠠᠨ ᠤ ᠡᠨᠧᠷᠬᠢ ᠪᠠᠷ | ᠴᠠᠬᠢᠯᠭᠠᠨ ᠬᠠᠩᠭᠠᠵᠤ᠂ ᠲᠤᠬᠢᠶ᠎ᠠ ᠨᠢ ᠰᠦᠯᠵᠢᠶᠡᠨ ᠤ ᠬᠡᠯᠬᠢᠶ᠎ᠡ ᠪᠠᠷ ᠲᠠᠮᠵᠢᠭᠤᠯᠤᠨ᠂ ᠭᠤᠤᠯᠳᠠᠭᠤ ᠮᠠᠨ ᠤ | ᠬᠤᠰᠢᠭᠤᠨ ᠤ ᠬᠠᠷ᠎ᠠ ᠬᠤᠳᠠ᠂ ᠠᠭᠳᠠ ᠶᠢᠨ ᠬᠦᠷᠢᠶ᠎ᠡ᠂ ᠨᠤᠭᠤᠭᠠᠨ ᠬᠤᠳᠠ ᠵᠡᠷᠭᠡ ᠵᠢᠦᠢ ᠶᠠᠨ ᠤ ᠪᠠᠭᠤᠷᠢ ᠶᠢᠨ | ᠬᠦᠷᠢᠶ᠎ᠡ ᠬᠡᠪᠴᠢᠶᠡᠨ ᠳᠤ ᠬᠠᠮᠤᠷᠠᠭᠳᠠᠵᠤ᠂ ᠨᠡᠶᠢᠳᠡ 92 ᠴᠡᠭ ᠤᠨ ᠪᠠᠶᠢᠷᠢ ᠪᠠᠭᠳᠠᠵᠤ ᠪᠤᠢ᠃ ᠤᠳᠤ ᠪᠤᠯᠳᠠᠯ᠎ᠠ᠂ | ᠨᠢᠭᠡᠨᠳᠡ 33 ᠴᠡᠭ ᠲᠤ ᠲᠤᠰ ᠰᠢᠰᠲ᠋ᠧᠮ ᠢ ᠤᠭᠰᠠᠷᠠᠭᠰᠠᠨ ᠪᠠᠶᠢᠨ᠎ᠠ᠃ | ᠵᠢᠦᠢ ᠶᠠᠨ ᠤ ᠪᠠᠭᠤᠷᠢ ᠶᠢᠨ ᠠᠮᠤᠷ ᠲᠦᠪᠰᠢᠨ ᠤ ᠰᠡᠷᠭᠡᠶᠢᠯᠡᠯᠳᠡ ᠶᠢᠨ ᠢᠨᠵᠧᠨᠧᠷᠢᠩ ᠤᠨ ᠲᠠᠯ᠎ᠠ ᠶᠢᠨ | ᠠᠵᠢᠯᠳᠠᠨ ᠬᠠᠨ ᠵᠧᠨ ᠶᠦᠩ᠄ ︽ᠡᠨᠡᠬᠦ ᠰᠢᠰᠲ᠋ᠧᠮ ᠤᠨ ᠲᠤᠬᠢᠶ᠎ᠠ ᠶᠢᠨ ᠲᠠᠮᠵᠢᠭᠤᠯᠭ᠎ᠠ ᠨᠢ ᠰᠦᠯᠵᠢᠶᠡᠨ ᠤ | ᠬᠡᠯᠬᠢᠶ᠎ᠡ ᠪᠠᠷ ᠲᠠᠮᠵᠢᠭᠳᠠᠳᠠᠭ᠂ ᠦᠭᠡᠷ᠎ᠡ ᠪᠠᠷ ᠬᠡᠯᠡᠪᠡᠯ A ᠴᠡᠭ ᠠᠴᠠ B ᠴᠡᠭ ᠲᠤ ᠬᠦᠷᠴᠤ᠂ ᠲᠠᠬᠢᠭᠠᠳ B | ᠴᠡᠭ ᠠᠴᠠ C ᠴᠡᠭ ᠲᠤ ᠬᠦᠷᠴᠤ᠂ ᠲᠠᠷᠠᠭ᠎ᠠ ᠪᠠᠷ ᠨᠢ ᠬᠠᠷ᠎ᠠ ᠬᠤᠳᠠ ᠶᠢᠨ ᠬᠢᠨᠠᠨ ᠡᠵᠡᠮᠳᠡᠬᠦᠷ ᠤᠨ ᠭᠡᠷ ᠲᠤ | ᠲᠠᠮᠵᠢᠭᠳᠠᠨ ᠢᠷᠡᠭᠰᠡᠨ ᠤ ᠲᠠᠷᠠᠭ᠎ᠠ ᠬᠠᠮᠤᠭ ᠡᠴᠤᠰ ᠲᠡᠭᠡᠨ ᠬᠠᠷ᠎ᠠ ᠬᠤᠳᠠ ᠶᠢᠨ ᠬᠢᠨᠠᠨ ᠡᠵᠡᠮᠳᠡᠬᠦᠷ ᠤᠨ ᠭᠡᠷ ᠠᠴᠠ | ᠲᠡᠤᠬᠡ ᠶᠢᠨ ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠶᠢᠨ ᠲᠦᠪ ᠲᠤ ᠲᠠᠮᠵᠢᠭᠤᠯᠤᠨ ᠢᠷᠡᠬᠦ ᠪᠤᠯᠤᠨ᠎ᠠ︾ | ᠭᠡᠪᠡ᠃ | ᠪᠢᠴᠢᠯ ᠲᠤᠯᠭᠢᠶᠠᠨ ᠤ ᠠᠯᠤᠰ ᠡᠵᠡᠮᠰᠢᠯ ᠤᠨ ᠬᠢᠨᠡᠨ ᠡᠵᠡᠮᠳᠡᠬᠦ ᠰᠢᠰᠲ᠋ᠧᠮ ᠤᠨ ᠬᠡᠷᠡᠭᠯᠡᠯᠳᠡ ᠨᠢ ᠮᠠᠨ ᠤ | ᠬᠤᠰᠢᠭᠤᠨ ᠤ ᠭᠠᠵᠠᠷ ᠠᠭᠤᠳᠠᠮ ᠬᠦᠮᠦᠨ ᠴᠦᠬᠡᠨ᠂ ᠲᠡᠤᠬᠡ ᠶᠢᠨ ᠲᠤᠷᠠᠰᠬᠠᠯᠳᠤ ᠵᠦᠢᠯ ᠤᠨ ᠬᠠᠮᠠᠭᠠᠯᠠᠯᠳᠠ ᠶᠢᠨ | ᠴᠡᠭ ᠤᠯᠠᠨ᠂ ᠬᠠᠮᠠᠭᠠᠯᠠᠯᠳᠠ ᠶᠢᠨ ᠠᠵᠢᠯ ᠳᠤ ᠪᠤᠳᠠᠳᠠᠢ ᠬᠦᠴᠢᠷᠳᠡᠯ ᠤᠷᠤᠰᠢᠵᠤ ᠪᠠᠶᠢᠭ᠎ᠠ ᠠᠰᠠᠭᠤᠳᠠᠯ ᠢ | ᠪᠦᠳᠦᠮᠵᠢᠲᠠᠢ ᠰᠢᠢᠳᠪᠤᠷᠢᠯᠡᠵᠤ᠂ ᠬᠢᠨᠠᠨ ᠡᠵᠡᠮᠳᠡᠬᠦ ᠰᠢᠰᠲ᠋ᠧᠮ ᠤᠨ ᠬᠡᠷᠡᠭᠯᠡᠯᠳᠡ ᠶᠢᠨ ᠬᠦᠭᠵᠢᠯᠳᠡ ᠪᠠ ᠲᠡᠤᠬᠡ ᠶᠢᠨ | ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠳᠤ ᠴᠢᠬᠤᠯᠠ ᠠᠴᠢ ᠬᠤᠯᠪᠤᠭᠳᠠᠯ ᠲᠠᠢ ᠶᠤᠮ᠃ | ᠬᠤᠰᠢᠭᠤᠨ ᠤ ᠲᠡᠤᠬᠡ ᠶᠢᠨ ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠶᠢᠨ ᠲᠦᠪ ᠤᠨ ᠲᠦᠷᠦᠯ | ᠵᠦᠢᠯ ᠤᠨ ᠬᠠᠷᠢᠭᠤᠴᠠᠯᠭᠠᠳᠠᠨ ᠯᠢᠶᠦ ᠫᠧᠩ᠄ ︽ᠵᠢᠦᠢ ᠶᠠᠨ ᠤ ᠪᠠᠭᠤᠷᠢ ᠪᠤᠯ ᠪᠦᠬᠦ ᠤᠯᠤᠰ ᠤᠨ ᠭᠤᠤᠯᠳᠠᠯᠭ᠎ᠠ ᠲᠠᠢ | ᠲᠡᠤᠬᠡ ᠶᠢᠨ ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠶᠢᠨ ᠨᠢᠭᠡᠴᠡ ᠪᠤᠯᠤᠨ᠎ᠠ᠂ ᠵᠢᠦᠢ ᠶᠠᠨ ᠤ ᠪᠠᠭᠤᠷᠢ ᠶᠢᠨ | ᠪᠤᠳᠠᠳᠠᠢ ᠪᠠᠶᠢᠳᠠᠯ ᠢ ᠦᠨᠳᠤᠰᠤᠯᠡᠨ᠂ ᠵᠢᠦᠢ ᠶᠠᠨ ᠤ ᠪᠠᠭᠤᠷᠢ ᠶᠢᠨ ᠡᠯ᠎ᠡ ᠬᠡᠰᠡᠭ ᠤᠷᠤᠨ ᠢ ᠪᠦᠳᠦᠮᠵᠢᠲᠠᠢ | ᠬᠠᠮᠠᠭᠠᠯᠠᠵᠤ᠂ ᠬᠦᠮᠦᠨ ᠢᠶᠠᠷ ᠰᠡᠷᠭᠡᠶᠢᠯᠡᠬᠦ᠂ ᠪᠤᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠭᠤᠷᠪᠠ ᠶᠢ | ᠬᠠᠷᠢᠯᠴᠠᠨ ᠤᠶᠠᠯᠳᠤᠭᠤᠯᠤᠨ᠂ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠳᠤ ᠬᠦᠷᠦᠭᠦᠯᠦᠨ᠎ᠡ︾ ᠭᠡᠪᠡ᠃ | |