ᠤᠯᠠᠭᠠᠨᠮᠦ᠋ᠴᠢᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠲᠤᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2022/12/7
      ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠤᠯᠠᠭᠠᠨᠮᠦ᠋ᠴᠢᠷ ︽ᠤᠬᠠᠭᠤᠯᠤᠨ ᠲᠠᠶᠢᠯᠪᠤᠷᠢᠯᠠᠬᠤ + ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ︾ ᠶᠢᠨ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠨ ᠲᠥᠮᠡᠨ ᠳᠤ ᠤᠬᠠᠭᠤᠯᠤᠨ ᠲᠤᠤᠱᠯᠠᠭᠤᠯᠤᠨ᠎ᠠ᠃      ᠬᠤᠰᠢᠭᠤᠨ ᠤ ᠤᠯᠠᠭᠠᠨᠮᠦ᠋ᠴᠢᠷ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠤᠭᠯᠠᠯᠲᠠ ᠶᠢᠨ       ᠬᠡᠯᠪᠡᠷᠢ ᠪᠠᠷ ᠤᠯᠠᠨ ᠲᠦᠮᠡᠨ ᠳᠤ ᠨᠢᠭᠡᠨ ᠲᠠᠯᠠᠪᠤᠷ ᠭᠤᠶᠢᠳᠠ ᠰᠠᠶᠢᠬᠠᠨ ᠤᠷᠠᠨ ᠰᠠᠶᠢᠬᠠᠨ ᠤ ᠲᠤᠭᠯᠠᠯᠲᠠ ᠶᠢ ᠬᠦᠷᠭᠡᠵᠦ᠂ ᠲᠡᠲᠡᠨ ᠤ ᠰᠣᠨᠢᠷᠬᠠᠯ ᠳᠤ ᠲᠤᠬᠢᠷᠠᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ       ᠰᠠᠨᠠᠭ᠎ᠠ ᠶᠢ ᠤᠬᠠᠭᠤᠯᠤᠨ ᠤᠯᠠᠮᠵᠢᠯᠠᠨ᠎ᠠ᠃ ᠰᠢᠭᠤᠳ ᠨᠡᠪᠲᠡᠷᠡᠭᠦᠯᠭᠡ ᠶᠢᠨ ᠲᠤᠭᠯᠠᠯᠲᠠ ᠨᠢ ᠤᠯᠠᠨ ᠲᠥᠮᠡᠨ ᠤ ᠬᠥᠷᠢᠶᠡᠯᠡᠯ ᠢ ᠤᠯᠵᠤ᠂ ᠰᠢᠭᠤᠳ ᠨᠡᠪᠲᠡᠷᠡᠭᠦᠯᠭᠡ ᠶᠢᠨ ᠦᠵᠡᠭᠴᠢ ᠶᠢᠨ ᠲᠤᠭ᠎ᠠ 1000 ᠭᠠᠷᠤᠢ ᠬᠦᠮᠦᠨ       ᠤᠳᠠᠭ᠎ᠠ ᠳᠤ ᠬᠦᠷᠴᠦ᠂ ᠰᠠᠶᠢᠰᠢᠶᠠᠯ ᠤᠨ ᠨᠤᠷᠮ᠎ᠠ 20 ᠭᠠᠷᠤᠢ ᠲᠦᠮᠡ ᠬᠦᠷᠦᠭᠰᠡᠨ ᠪᠠᠶᠢᠨ᠎ᠠ᠃   ᠤᠶᠢᠯᠠᠭᠠᠭᠰᠠᠨ ᠢᠶᠠᠷ᠂ ᠬᠤᠰᠢᠭᠤᠨ ᠤ ᠤᠯᠠᠭᠠᠨᠮᠦ᠋ᠴᠢᠷ ᠨᠢ 11 ᠳ᠋ᠦ᠋ᠭᠡᠷ ᠰᠠᠷ᠎ᠠ ᠠᠴᠠ ᠡᠬᠢᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠦᠷ ᠬᠢᠭᠰᠡᠨ  ᠤᠷᠢᠳᠠᠯ ᠳᠤᠤᠷ᠎ᠠ᠂ ᠸᠢᠴᠡᠲ ᠶᠢᠨ ᠨᠡᠶᠢᠲᠡ ᠶᠢᠨ ᠳ᠋ᠤᠭᠠᠷ᠂ ᠲᠢᠺ ᠲᠤᠺ ᠵᠡᠷᠭᠡ ᠰᠦᠯᠵᠢᠶ᠎ᠠ᠂ ᠬᠤᠪᠢ ᠶᠢᠨ ᠵᠠᠭᠤᠴᠢᠯᠠᠭᠤᠷ ᠤᠨ ᠲᠠᠪᠴᠠᠩ ᠢ ᠠᠰᠢᠭᠯᠠᠨ᠂       ᠲᠤᠭᠯᠠᠯᠲᠠ ᠶᠢᠨ ᠲᠠᠶᠢᠰᠠ ᠪᠠᠨ ᠰᠦᠯᠵᠢᠶᠡᠨ ᠳᠤ ᠭᠠᠷᠭᠠᠵᠤ᠂ ᠲᠤᠬᠠᠢ ᠶᠢᠨ ᠲᠠᠯᠠᠪᠤᠷ ᠪᠠ ᠰᠦᠯᠵᠢᠶᠡᠨ ᠲᠡᠭᠡᠷ᠎ᠡ ᠠᠵᠢᠯᠯᠠᠬᠤ ᠶᠢ ᠤᠶᠠᠯᠳᠤᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠷᠠᠨ       ᠰᠠᠶᠢᠬᠠᠨ ᠤ ᠪᠦᠲᠦᠭᠡᠯ ᠳᠤᠮᠳᠠ ᠪᠠᠨ ᠠᠭᠤᠰᠤᠯᠴᠠᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ       ᠠᠮᠢᠳᠤᠷᠠᠯ ᠢ ᠮᠠᠭᠲᠠᠨ ᠳᠠᠭᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠬᠦᠳᠡᠯᠦᠩᠭᠦᠢ᠂ ᠠᠮᠢᠳᠤᠯᠢᠭ ᠪᠣᠯᠭᠠᠵᠤ᠂ ᠠᠷᠠᠳ ᠲᠦᠮᠡᠨ ᠤ ᠰᠤᠶᠤᠯ ᠤᠨ ᠬᠦᠷᠲᠡᠭᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ ᠢ ᠨᠡᠮᠡᠭᠳᠡᠭᠦᠯᠥᠨ᠂ ᠦᠨᠳᠦᠰᠦᠨ ᠱᠠᠲᠤᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠥᠨ ᠲᠤᠤᠱᠯᠠᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠭᠰᠠᠨ ᠪᠠᠶᠢᠨ᠎ᠠ᠃      ᠬᠤᠰᠢᠭᠤᠨ ᠤ ᠤᠯᠠᠭᠠᠨᠮᠦᠴᠢᠷ ᠤᠨ ᠳᠠᠷᠤᠭ᠎ᠠ ᠳᠠᠯᠠᠨᠲᠠᠢ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ ︿ᠰᠤᠶᠤᠯ ᠤᠨ ᠢᠲᠡᠭᠡᠯ ᠢᠶᠠᠷ ᠬᠦᠴᠦᠷᠬᠡᠭᠵᠢᠬᠦ ᠶᠢ ᠠᠬᠢᠭᠤᠯᠤᠨ᠂ ᠨᠡᠶᠢᠬᠡᠮ ᠵᠢᠷᠤᠮ ᠤᠨ ᠰᠤᠶᠤᠯ ᠤᠨ ᠰᠢᠨ᠎ᠡ ᠭᠡᠷᠡᠯ ᠰᠠᠴᠤᠷᠤᠩᠭᠤᠢ ᠦᠢᠯᠡᠰ ᠢ ᠴᠤᠭᠴᠠᠯᠠᠬᠤ ᠬᠡᠷᠡᠭᠲᠡᠢ﹀ ᠭᠡᠵᠦ ᠳᠤᠷᠠᠳᠤᠨ ᠭᠠᠷᠭᠠᠭᠰᠠᠨ᠂ ᠮᠠᠨ ᠤ ᠤᠯᠠᠭᠠᠨᠮᠦ᠋ᠴᠢᠷ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠬᠠᠮᠲᠤ ᠲᠢᠺ ᠲᠤᠺ ᠤᠨ ᠰᠢᠭᠤᠳ ᠨᠡᠪᠲᠡᠷᠡᠭᠦᠯᠭᠡ᠂ ᠦᠨᠳᠦᠰᠦᠨ ᠱᠠᠲᠤ ᠪᠠᠷ ᠭᠦᠨᠵᠡᠭᠡᠶᠢᠷᠡᠨ ᠤᠬᠠᠭᠤᠯᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠤᠯᠠᠨ ᠲᠦᠮᠡᠨ ᠢ ᠳᠠᠶᠢᠴᠢᠯᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ᠎ᠠ᠃ ᠬᠤᠶᠢᠰᠢᠲᠠ ᠪᠢᠳᠠ ᠰᠢᠨ᠎ᠡ ᠰᠤᠷᠭᠤᠭ ᠠᠷᠭ᠎ᠠ ᠬᠡᠯᠪᠡᠷᠢ ᠪᠠᠷ       ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠡᠩ ᠥᠷᠭᠡᠨ ᠲᠡᠯᠭᠡᠷ ᠤᠬᠠᠭᠤᠯᠵᠤ᠂ ᠤᠷᠠᠯᠢᠭ ᠶᠢᠨ ᠰᠢᠨ᠎ᠡ ᠪᠦᠲᠦᠭᠡᠯ ᠢᠶᠠᠷ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠭᠡᠷᠡᠯ ᠰᠠᠴᠤᠷᠠᠩᠭᠤᠢ ᠦᠢᠯᠡᠰ ᠢ ᠴᠤᠭᠴᠠᠯᠠᠨ᠎ᠠ︾ ᠭᠡᠪᠡ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号