12 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ | ᠬᠤᠸᠠ ᠮᠠᠨ ᠤ ᠬᠤᠰᠢᠭᠤᠨ ᠳᠤ ᠢᠷᠡᠵᠦ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠳᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ | ᠪᠦᠦ ᠰᠢᠶᠠᠨ ᠬᠤᠸᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠣᠨᠣᠪᠴᠢᠲᠠᠶ ᠰᠤᠷᠤᠯᠴᠠᠨ ᠡᠵᠡᠮᠰᠢᠵᠤ᠂ ᠦᠵᠡᠯ ᠰᠠᠨᠠᠭ᠎ᠠ ᠪᠠ ᠦᠢᠯᠡ ᠠᠵᠢᠯᠯᠭᠠᠨ ᠤ ᠤᠬᠠᠮᠰᠠᠷ ᠢᠶᠠᠨ ᠲᠠᠰᠤᠷᠠᠯᠲᠠ | ᠦᠭᠡᠢ ᠲᠡᠭᠡᠭᠰᠢᠯᠡᠬᠦᠯᠬᠦ ᠪᠣᠯᠣᠨ ᠮᠠᠨ ᠤ ᠣᠷᠣᠨ ᠤ ᠰᠢᠨ᠎ᠡ ᠠᠶᠠᠨ ᠵᠠᠮ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ | ᠰᠢᠨ᠎ᠡ ᠡᠭᠦᠷᠭᠡ ᠶᠢ ᠭᠦᠨᠵᠡᠭᠡᠢ ᠤᠶᠢᠯᠠᠭᠠᠬᠤ᠂ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠬᠤᠶᠠᠷ ᠲᠠᠯ᠎ᠠ ᠪᠠᠷ ᠠᠮᠢᠳᠤᠯᠢᠭ ᠪᠣᠳᠠᠲᠠᠢ ᠲᠠᠶᠢᠯᠪᠤᠷᠢᠯᠠᠨ ᠦᠭᠦᠯᠡᠪᠡ᠃ ᠪᠤᠥ ᠰᠢᠶᠠᠨ ᠬᠤᠸᠠ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠢᠶᠠᠨ ᠣᠨᠴᠠᠯᠢᠭ ᠲᠠᠢ ᠤᠶᠠᠯᠳᠤᠭᠤᠯᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠠᠲᠤ ᠡᠵᠡᠮᠳᠡᠨ᠂ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠤᠯᠭᠠᠭᠤᠷᠢ ᠬᠦᠴᠦᠨ ᠢ | ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠳᠤᠳᠠᠢ ᠠᠬᠢᠭᠤᠯᠤᠨ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠡᠨᠡ ᠬᠤᠭᠤᠴᠠᠭᠠᠨ ᠳᠤ᠂ ᠪᠦᠦ ᠰᠢᠶᠠᠨ ᠬᠤᠸᠠ ᠪᠠᠰᠠ ᠬᠠᠷ᠎ᠠ ᠭᠤᠣᠯ ᠤᠨ ᠡᠵᠡᠨ᠎ᠡ ᠶᠢᠨ ᠬᠡᠰᠡᠭ᠂ | ᠰᠣᠪᠨᠠᠭᠤᠷ ᠵᠡᠷᠭᠡ ᠭᠠᠵᠠᠷ ᠲᠤ ᠬᠦᠷᠴᠦ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠢ ᠲᠣᠭᠤᠷᠢᠨ | ᠪᠠᠶᠢᠴᠠᠭᠠᠵᠦ᠂ ᠴᠡᠭᠡ ᠪᠣᠭᠤᠮᠲᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠪᠠᠷ | ᠥᠩᠭᠡᠷᠡᠬᠦ ᠵᠡᠷᠭᠡ ᠠᠵᠢᠯ ᠢ ᠪᠠᠶᠢᠴᠠᠭᠠᠨ ᠰᠣᠳᠣᠯᠵᠣ ᠨᠢᠭᠡᠳᠣᠯᠳᠠᠢ ᠲᠦᠯᠦᠪᠵᠢᠬᠦᠯᠪᠡ᠃ |