12 ᠳ᠋ᠤᠭᠠᠷ ᠰᠠᠷ᠎ᠠ ᠶᠢᠨ 5 ᠤ ᠡᠳᠤᠷ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠣᠣ ᠰᠢᠶᠠᠨ | ᠬᠤᠸᠠ ᠮᠠᠨ ᠤ ᠬᠤᠰᠢᠭᠤᠨ ᠳᠤ ᠢᠷᠡᠵᠤ᠂ ᠦᠨᠳᠤᠰᠤᠨ ᠱᠠᠳᠤᠨ ᠤ ᠺᠠᠳ᠋ᠷ ᠤᠯᠠᠨ ᠲᠦᠮᠡᠨ ᠳᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠤ ᠲᠤᠮᠳᠠ | ᠬᠠᠯᠠᠭᠤᠨ ᠲᠤᠰᠬᠠᠯ ᠭᠠᠷᠪᠠ ᠃ | ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ᠂ ᠡᠨᠡ ᠪᠤᠯ ᠨᠢᠭᠡ ᠤᠳᠠᠭᠠᠨ ᠤ ᠭᠤᠶᠢᠳᠠ ᠰᠠᠶᠢᠬᠠᠨ | ᠰᠤᠷᠤᠯᠴᠠᠯᠭ᠎ᠠ ᠶᠢᠨ ᠬᠠᠪᠰᠤᠷᠤᠨ ᠵᠢᠯᠤᠭᠤᠳᠤᠯᠭ᠎ᠠ ᠪᠤᠯᠬᠤ ᠪᠠᠷ ᠪᠠᠷᠠᠬᠤ ᠦᠭᠡᠢ ᠪᠠᠰᠠ ᠴᠦ ᠨᠦᠯᠦᠭᠡᠯᠡᠬᠦ ᠬᠦᠴᠦᠨ | ᠲᠠᠢ ᠨᠠᠮ ᠤᠨ ᠬᠢᠴᠢᠶᠡᠯ ᠪᠠᠶᠢᠵᠤ᠂ ᠤᠯᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭᠠᠨ ᠤ | ᠲᠤᠬᠠᠢ ᠤᠶᠢᠯᠠᠭᠠᠯᠠᠯᠳᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ᠂ ᠪᠦᠯᠬᠦᠮᠳᠡᠨ ᠲᠡᠮᠡᠴᠡᠵᠤ ᠦᠢᠯᠡᠰ ᠪᠤᠰᠬᠠᠬᠤ | ᠬᠠᠯᠠᠭᠤᠨ ᠰᠡᠳᠬᠢᠯᠭᠡ ᠶᠢ ᠭᠦᠢᠴᠡᠳ ᠬᠦᠭᠵᠢᠭᠡᠭᠰᠡᠨ ᠪᠠᠶᠢᠨ᠎ᠠ ᠭᠡᠯᠡ᠃ ᠬᠤᠶᠢᠰᠢᠳᠠ ᠶᠢᠨ ᠠᠵᠢᠯ ᠲᠤᠮᠳᠠ ᠪᠠᠨ᠂ | ᠦᠵᠡᠯ ᠰᠠᠨᠠᠭ᠎ᠠ ᠪᠠ ᠦᠢᠯᠡ ᠠᠵᠢᠯᠯᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠲᠡᠭᠡᠷ᠎ᠡ | ᠦᠨᠡᠨᠬᠦ ᠨᠢᠭᠡᠳᠬᠡᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠡᠪᠰᠢᠵᠤ᠂ ᠰᠢᠷᠭᠠᠭᠤ ᠬᠠᠳᠠᠭᠤᠵᠢᠯᠲᠠᠢ ᠠᠵᠢᠯᠯᠠᠨ᠂ | ᠮᠠᠨ ᠤ ᠠᠶᠢᠮᠠᠭ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠠᠮᠳᠤ ᠶᠢᠨ ᠬᠦᠴᠦᠨ ᠢ ᠲᠠᠰᠤᠷᠠᠯᠳᠠ ᠦᠭᠡᠢ | ᠨᠢᠭᠳᠠᠷᠠᠭᠤᠯᠤᠨ᠎ᠠ ᠭᠡᠵᠤ ᠢᠯᠡᠷᠬᠡᠶᠢᠯᠡᠴᠡᠭᠡᠪᠡ᠃ | ᠬᠤᠰᠢᠭᠤᠨ ᠤ ᠤᠰᠤᠨ ᠤ ᠶᠠᠪᠤᠳᠠᠯ ᠤᠨ ᠲᠤᠪᠴᠢᠶᠠᠨ ᠤ ᠲᠡᠳ᠋ ᠲᠠᠷᠤᠭ᠎ᠠ ᠵᠢᠶᠠᠩ ᠵᠢᠦᠢ ᠮᠧᠢ᠄ ︽ᠰᠢ ᠶᠢᠨ | ᠫᠢᠩ ᠶᠡᠷᠤᠩᠭᠡᠢ ᠱᠦᠵᠢ ᠶᠢᠨ ᠲᠤᠷᠠᠳᠤᠭᠰᠠᠨ ︿ᠤᠰᠤ ᠠᠷᠪᠢᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠷᠤᠨ | ᠪᠥᠰᠡ ᠶᠢ ᠲᠡᠩᠴᠡᠭᠦᠷᠢ ᠲᠠᠢ ᠪᠠᠶᠢᠯᠭᠠᠨ᠂ ᠰᠢᠰᠲ᠋ᠧᠮ ᠲᠠᠢ ᠵᠠᠰᠠᠵᠤ᠂ ᠬᠤᠶᠠᠷ ᠲᠠᠯ᠎ᠠ ᠪᠠᠷ ᠬᠦᠴᠦᠯᠡᠬᠦ﹀ ᠤᠰᠤ | ᠵᠠᠰᠠᠬᠤ ᠰᠡᠳᠬᠢᠴᠡ ᠪᠠ ᠤᠰᠤ ᠵᠠᠰᠠᠬᠤ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ | ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠤᠨ᠂ ᠢᠳᠡᠭᠡᠯ ᠵᠤᠷᠢᠭ ᠢᠶᠠᠨ | ᠪᠠᠳᠤᠳᠬᠠᠵᠤ᠂ ᠡᠭᠦᠷᠭᠡ ᠬᠠᠷᠢᠭᠤᠴᠯᠠᠭ᠎ᠠ ᠪᠠᠨ ᠰᠠᠶᠢᠳᠤᠷ ᠬᠦᠢᠴᠡᠳᠬᠡᠨ᠂ ᠵᠤᠷᠢᠭᠲᠠᠢ ᠪᠠᠷ ᠡᠭᠦᠷᠭᠡᠯᠡᠵᠤ᠂ | ᠡᠵᠡᠨ᠎ᠡ ᠶᠢᠨ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠳᠤ ᠤᠰᠤᠨ ᠤ ᠠᠮᠤᠷ ᠲᠦᠪᠰᠢᠨ ᠤ | ᠪᠠᠲᠤᠯᠠᠭ᠎ᠠ ᠶᠢ ᠦᠷᠬᠦᠯᠵᠢᠯᠡᠨ ᠬᠠᠩᠭᠠᠵᠤ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠮᠵᠢ ᠶᠢᠨ ᠤᠷᠤᠨ ᠢᠶᠠᠨ | ᠨᠡᠩ ᠦᠵᠡᠰᠭᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠤᠨ᠎ᠠ︾ ᠭᠡᠵᠦ ᠪᠠᠶᠢᠯ᠎ᠠ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠪᠴᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠤᠪᠴᠢᠶᠠᠨ ᠲᠠᠷᠤᠭ᠎ᠠ ᠵᠤᠴᠢᠨ᠄ ︽ᠨᠠᠮ ᠤᠨ | ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠶᠡᠭᠡ ᠲᠠᠯ᠎ᠠ ᠲᠠᠢ ᠨᠢᠭᠳᠠ ᠤᠶᠠᠯᠳᠤᠭᠤᠯᠤᠨ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠤᠷᠢᠯᠡᠯ ᠢᠶᠠᠷ ᠰᠠᠭᠤᠷᠢ ᠪᠤᠯᠭᠠᠵᠤ᠂ ᠠᠵᠤ ᠦᠢᠯᠡᠰ ᠤᠨ ᠬᠦᠭᠵᠢᠯᠳᠡ ᠪᠠᠷ ᠭᠠᠷᠳᠠᠴᠠ | ᠪᠤᠯᠭᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠡ ᠪᠦᠳᠦᠮᠵᠢ ᠶᠢ | ᠪᠠᠬᠢᠵᠢᠬᠦᠯᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠳᠦᠮᠵᠢᠲᠠᠢ ᠵᠤᠯᠭᠠᠭᠤᠯᠬᠤ ᠪᠠᠷ ᠬᠠᠷᠠᠯᠳᠠ | ᠪᠤᠯᠭᠠᠵᠤ᠂ ᠲᠠᠷᠢᠶᠠᠯᠠᠩ ᠬᠦᠳᠡᠭᠡ ᠲᠤᠰᠬᠤᠨ ᠢ ᠤᠷᠢᠳᠠᠪᠡᠷ ᠬᠦᠭᠵᠢᠬᠦᠯᠬᠦ ᠶᠢ ᠪᠠᠷᠢᠮᠳᠠᠯᠠᠨ᠂ ᠠᠷᠠᠳ ᠤᠨ | ᠠᠮᠢᠳᠤᠷᠠᠯ ᠤᠨ ᠢᠨᠵᠧᠨᠧᠷᠢᠩ ᠢ ᠦᠷᠬᠦᠯᠵᠢᠯᠡᠨ ᠰᠠᠶᠢᠳᠤᠷ ᠬᠢᠵᠤ᠂ ᠮᠠᠯᠵᠢᠬᠤ ᠲᠠᠷᠢᠶᠠᠯᠠᠬᠤ ᠤᠷᠤᠨ ᠤ ᠠᠵᠤ | ᠦᠢᠯᠡᠰ ᠤᠨ ᠬᠤᠯᠪᠤᠭᠠᠯᠠᠨ ᠬᠦᠭᠵᠢᠬᠦ ᠶᠢ ᠬᠦᠳᠦᠯᠦᠨ ᠵᠢᠯᠤᠭᠤᠳᠴᠤ᠂ ᠲᠠᠷᠢᠶᠠᠯᠠᠩ ᠤᠨ ᠲᠠᠯ᠎ᠠ ᠶᠢᠨ | ᠪᠤᠬᠢᠷᠳᠤᠯ ᠤᠨ ᠵᠠᠰᠠᠯᠳᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠨ ᠬᠢᠵᠤ᠂ ᠮᠠᠨ ᠤ ᠬᠤᠰᠢᠭᠤᠨ ᠤ | ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠲᠦᠷᠬᠡᠳᠬᠡᠨ | ᠠᠬᠢᠭᠤᠯᠤᠨ᠎ᠠ︾ ᠭᠡᠪᠡ᠃ | ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶᠠᠨ ᠤ ᠨᠠᠮ ᠤᠨ ᠤᠳᠤᠷᠢᠳᠬᠤ | ᠲᠤᠭᠤᠶᠢᠯᠠᠩ ᠤᠨ ᠱᠦᠵᠢ᠂ ᠲᠤᠪᠴᠢᠶᠠᠨ ᠲᠠᠷᠤᠭ᠎ᠠ ᠯᠢ ᠵᠦᠩ ᠭᠤᠸᠠᠩ᠄ ︽ᠪᠢ ᠲᠤᠬᠠᠶᠢᠯᠠᠭᠰᠠᠨ ᠠᠵᠢᠯ ᠳᠠᠭᠠᠨ | ᠰᠠᠭᠤᠷᠢᠯᠠᠵᠤ᠂ ᠲᠠᠪᠤᠨ ᠶᠡᠭᠡ ᠡᠭᠦᠷᠭᠡ ᠶᠢᠨ ᠲᠤᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠤ | ᠡᠯᠡᠰᠤ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠳᠠᠯᠠᠵᠤ᠂ ᠠᠮᠢ ᠠᠬᠤᠢ ᠶᠢ | ᠲᠡᠷᠢᠭᠦᠨ ᠪᠠᠶᠢᠷᠢᠨ ᠳᠤ ᠲᠠᠯᠪᠢᠨ ᠪᠤᠬᠢᠷᠳᠤᠯ ᠦᠭᠡᠢ ᠨᠡᠭᠦᠷᠡᠰᠤᠳᠦ᠋ᠷᠦᠭᠴᠢ ᠪᠠᠷ ᠪᠠᠭ᠎ᠠ ᠬᠦᠭᠵᠢᠯᠳᠡ ᠶᠢ | ᠠᠬᠢᠭᠤᠯᠤᠨ᠎ᠠ᠂ ᠮᠦᠨᠴᠤ ᠤᠢ ᠰᠢᠭᠤᠢ ᠡᠪᠡᠰᠤ ᠪᠡᠯᠴᠢᠭᠡᠷ ᠠᠭᠤᠯᠠ ᠤᠰᠤ ᠡᠯᠡᠰᠤ ᠶᠢ ᠵᠠᠰᠠᠨ ᠰᠡᠷᠭᠦᠭᠡᠭᠦ ᠲᠦᠷᠦᠯ | ᠵᠦᠢᠯ ᠢ ᠭᠦᠨᠵᠡᠭᠡᠢ ᠬᠡᠷᠡᠭᠵᠢᠬᠦᠯᠵᠤ᠂ ᠤᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠬᠦᠨᠦᠭᠡᠯᠲᠡᠢ | ᠠᠮᠢᠳᠤ ᠪᠤᠳᠠᠰ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠠᠳᠬᠤᠨ᠂ ᠡᠯᠡᠰᠤᠨ ᠤ ᠠᠵᠤ ᠦᠢᠯᠡᠰ ᠢ ᠶᠡᠬᠡᠪᠡᠷ | ᠬᠦᠭᠵᠢᠬᠦᠯᠵᠤ᠂ ᠬᠦᠳᠡᠭᠡ ᠲᠤᠰᠬᠤᠨ ᠤ ᠠᠵᠤ ᠦᠢᠯᠡᠰ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠵᠤ᠂ ᠤᠢ | ᠰᠢᠭᠤᠢ ᠡᠪᠡᠰᠤ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠳᠠ ᠬᠠᠮᠢᠶᠠᠷᠤᠯᠳᠠ ᠶᠢ ᠪᠦᠬᠦ ᠲᠠᠯ᠎ᠠ ᠪᠠᠷ | ᠴᠢᠩᠭᠠᠳᠬᠠᠨ᠂ ᠨᠡᠭᠦᠷᠡᠰᠤᠳᠦ᠋ᠷᠦᠭᠴᠢ ᠪᠠ ᠪᠤᠬᠢᠷᠳᠤᠯ ᠢ ᠪᠠᠭᠠᠰᠬᠠᠬᠤ᠂ ᠨᠤᠭᠤᠭᠠᠷᠠᠭᠤᠯᠤᠯᠳᠠ ᠶᠢ ᠦᠷᠭᠡᠳᠬᠡᠬᠦ ᠶᠢ | ᠬᠠᠮᠵᠢᠯᠴᠠᠨ ᠠᠬᠢᠭᠤᠯᠵᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠬᠦᠯᠦᠨ᠎ᠡ︾ ᠭᠡᠪᠡ᠃ | | | | | |