ᠮᠠᠨ ᠤ ᠬᠤᠰᠢᠭᠤ ᠵᠢᠶᠠᠩ ᠽᠧ  ᠮᠢᠡ ᠨᠥᠬᠦᠷ ᠢ ᠡᠮᠬᠡᠨᠢᠨ ᠭᠠᠰᠢᠭᠤᠳᠠᠪᠠ
ᠨᠡᠶᠢᠲᠡᠯᠡᠭᠰᠡᠨ ᠴᠠᠭ᠄
2022/12/8
      12 ᠳ᠋ᠤᠭᠠᠷ ᠰᠠᠷ᠎ᠠ ᠶᠢᠨ 6 ᠤ ᠡᠳᠤᠷ ᠤᠨ ᠦᠳᠠ ᠶᠢᠨ ᠡᠮᠣᠨ᠎ᠠ ᠶᠢᠨ 10 ᠴᠠᠭ ᠲᠤ᠂ ᠮᠠᠨ ᠤ ᠬᠤᠰᠢᠭᠤ ᠵᠢᠶᠠᠩ ᠽᠧ ᠮᠢᠡ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠵᠣᠬᠢᠶᠠᠨ ᠪᠠᠶᠢᠭᠤᠯᠣᠨ ᠥᠵᠡᠵᠦ᠂ ᠸᠠᠩ ᠯᠢ ᠵᠢᠶᠦ᠋ᠨ᠂ ᠪᠦᠬᠡ ᠂ ᠪᠦᠳᠦᠭᠡᠯᠴᠢ ᠂ ᠲᠠᠩ ᠰᠢᠤᠸᠠᠢ ᠪᠢᠨ ᠵᠡᠷᠭᠡ ᠬᠤᠰᠢᠭᠤᠨ ᠤ ᠲᠦᠷᠪᠡᠨ ᠲᠤᠮᠤ ᠤᠳᠤᠷᠢᠳᠬᠤ ᠪᠠᠭ ᠤᠨ ᠤᠳᠤᠷᠢᠳᠤᠯᠭ᠎ᠠ ᠪᠤᠯᠤᠨ ᠡᠯ᠎ᠡ ᠰᠠᠯᠠᠭ᠎ᠠ ᠮᠦᠴᠢᠷ ᠤᠨ ᠨᠠᠮ ᠤᠨ ᠭᠡᠰᠢᠭᠦᠨ ᠺᠠᠳ᠋ᠷᠴᠤᠳ ᠶᠡᠭᠡ ᠬᠤᠷᠠᠯ ᠤᠨ ᠰᠢᠭᠤᠳ ᠨᠡᠪᠳᠡᠷᠡᠭᠦᠯᠭᠡ ᠶᠢ ᠬᠦᠯᠢᠶᠡᠨ ᠠᠪᠴᠤ ᠦᠵᠡᠪᠡ᠃      ᠦᠳᠡ ᠶᠢᠨ ᠡᠮᠣᠨ᠎ᠡ ᠶᠢᠨ 10 ᠴᠠᠭ ᠲᠤ ᠭᠠᠰᠢᠭᠤᠳᠠᠯ ᠤᠨ ᠶᠡᠭᠡ ᠬᠤᠷᠠᠯ ᠡᠬᠢᠯᠡᠵᠦ᠂ ᠪᠦᠭᠦᠳᠡᠭᠡᠷ ᠢᠶᠠᠨ ᠲᠦᠪ ᠵᠤᠭᠰᠤᠨ᠂ ᠡᠮᠭᠢᠨᠡᠨ ᠭᠠᠰᠢᠭᠤᠳᠠᠵᠤ᠂ ᠵᠢᠶᠠᠩ ᠽᠧ ᠮᠢᠨ ᠨᠥᠬᠦᠷ ᠤᠨ ᠠᠭᠤᠤ ᠭᠠᠪᠢᠶ᠎ᠠ ᠠᠤᠭ᠎ᠠ ᠵᠢᠳᠬᠦᠯ ᠪᠣᠯᠣᠨ ᠡᠷᠬᠢᠮ ᠳᠡᠭᠡᠳᠦ ᠬᠡᠪ ᠰᠤᠷᠲᠠᠯ ᠢ ᠳᠤᠷᠠᠰᠤᠨ ᠰᠠᠨᠠᠭᠠᠯᠵᠠᠵᠤ᠂ ᠵᠢᠶᠠᠩ ᠽᠧ ᠮᠢᠨ ᠨᠥᠬᠦᠷ ᠢ ᠬᠢᠵᠠᠭᠠᠯᠠᠰᠢ ᠦᠭᠡᠢ ᠡᠮᠭᠡᠨᠢᠨ ᠭᠠᠰᠢᠭᠤᠳᠠᠵᠤ ᠪᠠᠶᠢᠬᠤ ᠰᠡᠳᠬᠢᠯᠭᠡ ᠪᠠᠨ ᠢᠯᠡᠳᠬᠡᠬᠦ ᠶᠢᠨ ᠬᠠᠮᠲᠤ ᠭᠠᠰᠢᠭᠤᠳᠠᠯ ᠤᠨ ᠶᠡᠭᠡ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠪᠠ᠃ ᠪᠦᠭᠦ ᠬᠤᠰᠢᠭᠤᠨ ᠤ ᠡᠯ᠎ᠡ ᠠᠯᠪᠠᠨ ᠪᠠᠶᠢᠭᠤᠯᠭ᠎ᠠ ᠤᠯᠤᠰ ᠤᠨ ᠲᠤᠭ ᠢ ᠬᠠᠭᠠᠰ ᠪᠠᠭᠤᠯᠭᠠᠵᠤ ᠵᠢᠶᠠᠩ ᠽᠧ ᠮᠢᠨ ᠨᠥᠬᠦᠷ ᠢ ᠭᠦᠨ᠎ᠡ ᠭᠠᠰᠢᠭᠤᠳᠠᠵᠤ᠂ ᠤᠯᠠᠨ ᠨᠡᠶᠢᠲᠡ ᠶᠢᠨ ᠵᠤᠭ᠎ᠠ ᠴᠡᠩᠭᠡᠯ ᠤᠨ ᠠᠵᠢᠯᠯᠠᠭ᠎ᠠ ᠶᠢ ᠨᠢᠭᠡ ᠡᠳᠦᠷ ᠵᠣᠭᠰᠣᠭᠠᠪᠠ᠃      ᠵᠢᠶᠠᠩ ᠽᠧ ᠮᠢᠨ ᠨᠥᠬᠦᠷ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠤᠳᠡᠢ ᠭᠠᠷᠮᠠᠭᠠᠢ ᠤᠳᠤᠷᠢᠳᠤᠭᠴᠢ᠂ ᠠᠭᠤᠤ ᠶᠡᠭᠡ ᠮᠠᠷᠺᠰ ᠤᠨ ᠦᠵᠡᠯᠲᠡᠨ᠂ ᠠᠭᠤᠤ ᠶᠡᠭᠡ ᠦᠭᠡᠶᠢᠭᠦᠦ ᠠᠩᠭᠢ ᠶᠢᠨ ᠬᠤᠪᠢᠰᠬᠠᠯᠴᠢ᠂ ᠤᠯᠤᠰ ᠲᠥᠷᠥᠴᠢᠨ᠂ ᠴᠡᠷᠢᠭ ᠤᠨ ᠡᠷᠳᠡᠮᠲᠡᠨ᠂ ᠭᠠᠳᠠᠭᠠᠳᠤ ᠬᠠᠷᠢᠯᠴᠠᠭᠠᠨ ᠤ ᠵᠢᠳᠬᠦᠯᠲᠡᠨ᠂ ᠤᠷᠳᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠭᠠᠷᠭᠠᠮᠠᠢ ᠤᠳᠤᠷᠢᠳᠤᠭᠴᠢ᠂ ᠨᠠᠮ ᠤᠨ ᠭᠤᠷᠪᠠᠳᠤᠭᠠᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ  ᠮᠥᠨ᠃      ᠤᠯᠠᠨ ᠢᠶᠠᠷ ᠢᠶᠠᠨ᠂ ᠡᠮᠭᠡᠨᠢᠯ ᠭᠠᠰᠢᠭᠤᠳᠠᠯ ᠢᠶᠠᠨ ᠬᠦᠴᠦᠨ ᠪᠣᠯᠭᠠᠨ ᠬᠤᠪᠢᠷᠠᠭᠤᠯᠵᠤ᠂ ᠵᠢᠶᠠᠩ ᠽᠧ ᠮᠢᠨ ᠨᠥᠬᠦᠷ ᠢ ᠭᠠᠰᠢᠭᠤᠳᠠᠬᠤ ᠰᠡᠳᠬᠢᠯᠭᠡ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠤᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠡᠵᠤ᠂ ᠨᠡᠶᠢᠬᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠣᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠦᠯᠦᠭᠡ ᠪᠦᠯᠬᠦᠮᠳᠡᠨ ᠲᠡᠮᠡᠴᠡᠨ᠎ᠡ ᠬᠡᠮᠡᠨ ᠢᠯᠡᠳᠬᠡᠵᠡᠭᠡᠪᠡ᠃      ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠲᠡᠰ ᠤᠨ ᠳᠡᠳ᠋ ᠳᠠᠷᠤᠭ᠎ᠠ ᠪᠣᠶᠠᠨᠰᠠᠶᠢᠨ᠄ ︽ᠵᠢᠶᠠᠩ ᠽᠧ ᠮᠢᠨ ᠨᠥᠭᠦᠷ ᠢ ᠭᠦᠨ ᠡᠮᠬᠡᠨᠢᠯ ᠭᠠᠰᠢᠭᠤᠳᠠᠵᠤ ᠪᠠᠶᠢᠨ᠎ᠠ᠃ ᠪᠢᠳᠠ ᠡᠮᠬᠡᠨᠢᠯ ᠭᠠᠰᠢᠭᠤᠳᠠᠯ ᠢᠶᠠᠨ ᠡᠷᠴᠢ ᠬᠦᠴᠦ ᠪᠣᠯᠭᠠᠵᠤ᠂ ᠰᠢᠨ᠎ᠡ ᠵᠠᠮᠨᠠᠯ ᠳᠡᠭᠡᠷ᠎ᠠ ᠰᠢ ᠶᠢᠨ ᠫᠢᠩ ᠨᠥᠭᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠳᠤᠭᠤᠷᠢᠨ ᠳᠤ ᠨᠡᠩ ᠨᠢᠭᠲᠠᠷᠠᠨ ᠪᠦᠯᠭᠦᠮᠳᠠᠵᠦ᠂ ᠨᠠᠶᠢᠬᠡᠮ ᠵᠢᠷᠣᠮᠳᠣ ᠣᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠤᠨ᠂ ᠳᠤᠮᠳᠠᠳᠣ ᠶᠢᠨ ᠥᠨᠳᠣᠰᠣᠳᠠᠨ ᠤ ᠠᠭᠤᠤ ᠶᠡᠭᠡ ᠰᠡᠷᠭᠦᠨ ᠮᠠᠨᠳᠣᠯᠲᠠ ᠶᠢ ᠪᠦᠬᠦ  ᠲᠠᠯ᠎ᠠ ᠪᠠᠷ ᠠᠬᠢᠭᠤᠯᠬᠤ ᠶᠢᠨ ᠳᠦᠯᠦᠬᠡ ᠥᠪᠡᠷ ᠤᠨ ᠭᠡᠰᠡᠨ ᠬᠦᠴᠦᠨ ᠨᠡᠮᠡᠷᠢ ᠪᠠᠨ ᠡᠷᠬᠦᠬᠦ ᠪᠠᠷ ᠴᠢᠷᠮᠠᠶᠢᠨ ᠠᠵᠢᠯᠯᠠᠨ᠎ᠠ︾       ᠭᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳ᠋ᠦᠩᠹᠧᠩ ᠰᠠᠨᠰᠠᠷ ᠤᠨ ᠬᠤᠲᠠ ᠳᠠᠬᠢ ᠬᠡᠷᠡᠭ ᠡᠷᠬᠢᠯᠡᠬᠦ ᠭᠠᠵᠠᠷ ᠤᠨ ᠨᠠᠮ ᠤᠨ ᠡᠭᠦᠷ ᠤᠨ ᠳᠡᠳ᠋ ᠱᠥᠵᠢ ᠸᠠᠩ ᠱᠧᠩ ᠵᠢᠶᠧ᠄       ︽ᠵᠢᠶᠠᠩ ᠽᠧ ᠮᠢᠨ ᠨᠥᠬᠦᠷ ᠪᠣᠯ ᠮᠠᠨ ᠤ ᠨᠠᠮ ᠤᠨ ᠭᠤᠷᠪᠠᠳᠤᠭᠠᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ ᠮᠥᠨ᠂ ︿ᠭᠤᠷᠪᠠ ᠶᠢ ᠲᠥᠯᠥᠭᠡᠯᠡᠬᠦ﹀ ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ ᠮᠥᠨ᠂ ᠲᠡᠭᠦᠨ ᠤ 70 ᠭᠠᠷᠤᠢ ᠵᠢᠯ ᠤᠨ ᠬᠤᠪᠢᠰᠬᠠᠯ ᠤᠨ ᠠᠮᠢᠳᠤᠷᠠᠯ ᠳᠤᠮᠳᠠ ᠪᠠᠨ ᠢᠮᠠᠭᠲᠠ ᠨᠠᠮ ᠪᠠ ᠠᠷᠠᠳ ᠲᠦᠮᠡᠨ ᠤ ᠦᠢᠯᠡᠰ ᠤᠨ ᠲᠥᠯᠥᠭᠡ ᠲᠡᠮᠡᠴᠡᠭᠰᠡᠭᠡᠷ ᠢᠷᠡᠭᠰᠡᠨ ᠶᠤᠮ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠲᠤ ᠴᠦ ᠲᠡᠭᠦᠨ ᠤ ᠬᠦᠴᠦ ᠬᠥᠯᠥᠰᠦ ᠰᠢᠩᠭᠡᠵᠦ ᠪᠠᠶᠢᠳᠠᠭ ᠣᠴᠢᠷ ᠠᠴᠠ ᠪᠢᠳᠡ ᠬᠢᠵᠠᠭᠠᠷᠯᠠᠰᠢ ᠦᠭᠡᠢ ᠬᠦᠨᠳᠦᠳᠬᠡᠨ ᠪᠢᠰᠢᠷᠡᠬᠦ ᠰᠡᠳᠬᠢᠯᠭᠡ ᠪᠠᠷ ᠵᠢᠶᠠᠩ ᠽᠧ ᠮᠢᠨ ᠨᠥᠬᠦᠷ ᠢ ᠭᠦᠨ᠎ᠡ ᠭᠠᠰᠢᠭᠤᠳᠠᠨ ᠰᠠᠨᠠᠭᠠᠯᠵᠠᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠴᠡᠷᠢᠭ ᠠᠩᠭᠢ᠂ ᠠᠭᠠᠷ ᠤᠨ ᠠᠶᠠᠯᠠᠯ ᠤᠨ ᠨᠢᠭᠡᠴᠡ ᠪᠣᠯᠤᠭᠰᠠᠨ ᠤ ᠬᠤᠪᠢ ᠳᠤ᠂ ᠪᠢᠳᠡ ᠡᠮᠭᠡᠨᠢᠯ ᠭᠠᠰᠢᠭᠤᠳᠠᠯ ᠢᠶᠠᠨ ᠬᠦᠴᠦᠨ ᠪᠣᠯᠭᠠᠨ ᠬᠤᠪᠢᠷᠠᠭᠤᠯᠵᠤ᠂ ᠡᠭᠦᠷᠭᠡ ᠲᠤᠰᠢᠶᠠᠯ ᠢᠶᠠᠨ ᠯᠠᠪᠳᠠᠭᠤᠨ ᠪᠠᠲᠤᠲᠠᠢ ᠭᠦᠢᠴᠡᠳᠬᠡᠨ᠂ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠴᠡᠷᠢᠭ ᠠᠩᠭᠢ ᠪᠠ ᠣᠷᠣᠨ ᠨᠤᠲᠤᠭ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠴᠡᠷᠢᠭ ᠪᠠ ᠵᠠᠰᠠᠭ᠂ ᠴᠡᠷᠢᠭ ᠪᠠ ᠠᠷᠠᠳ ᠤᠨ ᠪᠦᠯᠬᠦᠮᠳᠡᠯ ᠢ ᠤᠯᠠᠮ ᠴᠢᠩᠭᠠᠳᠬᠠᠵᠤ᠂ ᠴᠡᠷᠢᠭ ᠠᠷᠠᠳ ᠤᠨ ᠠᠭᠤᠰᠤᠯᠴᠠᠯ ᠤᠨ ᠭᠦᠨᠵᠡᠭᠡᠢ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ︕ ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号