ᠡᠵᠡᠨ᠎ᠡ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠰᠢᠯᠭᠠᠨ ᠦᠨᠡᠯᠡᠬᠦ ᠠᠷᠭ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/3/1
     ᠡᠵᠡᠨ᠎ᠡ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠮᠡᠳᠡᠭᠡ ᠵᠠᠩᠭᠢ ᠶᠢᠨ ᠠᠵᠢᠯ ᠤᠨ ᠰᠠᠯᠠᠭ᠎ᠠ ᠮᠥᠴᠢᠷ ᠪᠣᠯᠣᠨ ᠮᠡᠳᠡᠭᠡ ᠵᠠᠩᠭᠢ ᠶᠢᠨ ᠠᠵᠢᠯᠲᠠᠨ ᠤ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠲᠥᠯᠥᠭᠡ᠂ ᠡᠵᠡᠨ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠰᠢᠯᠭᠠᠨ ᠦᠨᠡᠯᠡᠬᠦ ᠠᠵᠢᠯ ᠢ ᠳᠦᠷᠢᠮᠵᠢᠭᠦᠯᠬᠦ᠂ ᠵᠢᠷᠤᠮᠵᠢᠭᠤᠯᠬᠤ ᠪᠠ ᠰᠢᠨᠵᠢᠯᠡᠬᠦ ᠤᠬᠠᠭᠠᠨᠴᠢᠯᠠᠬᠤ ᠶᠢ ᠠᠬᠢᠭᠤᠯᠵᠤ᠂           ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠪᠯᠡᠯ ᠤᠨ ᠡᠷᠬᠡ ᠶᠢᠨ ᠲᠣᠪᠴᠢᠶ᠎ᠠ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶ᠎ᠠ ᠶᠢᠨ 11 ᠳ᠋ᠦ᠋ᠭᠡᠷ ᠲᠣᠭᠠᠲᠤ ᠵᠠᠷᠯᠢᠭ ᠤᠨ ︿ᠦᠰᠦᠭ ᠪᠢᠴᠢᠭ ᠤᠨ ᠪᠦᠲᠦᠭᠡᠯ ᠢ ᠬᠡᠷᠡᠭᠯᠡᠨ ᠬᠠᠷᠠᠮᠵᠢ ᠣᠯᠭᠤᠬᠤ ᠠᠷᠭ᠎ᠠ﹀︾᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠦᠷ ᠬᠡᠷᠡᠭᠵᠢᠭᠦᠯᠬᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ︽ᠡᠵᠡᠨ᠎ᠡ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠰᠢᠯᠭᠠᠨ ᠦᠨᠡᠯᠡᠬᠦ ᠠᠷᠭ᠎ᠠ︾᠎ ᠶᠢ ᠲᠣᠭᠲᠠᠭᠠᠵᠤ᠂ ︽ᠮᠡᠳᠡᠭᠳᠡᠯ︾᠎ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ᠲᠥᠷᠥ ᠶᠢᠨ ᠪᠣᠳᠣᠯᠭ᠎ᠠ ᠳᠤ ᠳᠣᠣᠷᠠᠬᠢ ᠮᠡᠲᠦ ᠲᠠᠶᠢᠯᠤᠮᠵᠢ ᠬᠢᠪᠡ᠃      ᠨᠢᠭᠡ᠂ ᠨᠣᠣᠷᠠᠭᠯᠠᠭᠰᠠᠨ ᠠᠬᠤᠢ ᠪᠠᠶᠢᠳᠠᠯ      ᠣᠶᠢᠷ᠎ᠠ ᠶᠢᠨ ᠵᠢᠯ ᠤᠳ ᠲᠤ᠂ ᠡᠵᠡᠨ᠎ᠡ ᠬᠤᠰᠢᠭᠤᠨ ᠤ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠳ       ︽ᠳᠦᠷᠢᠮ︾᠂ ︽ᠬᠡᠷᠡᠭᠵᠢᠭᠦᠯᠬᠦ ᠠᠷᠭ᠎ᠠ︾᠎ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠪᠬᠢᠲᠡᠢ ᠠᠵᠢᠯᠯᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠡᠵᠡᠨ᠎ᠡ ᠬᠤᠰᠢᠭᠤᠨ ᠤ ᠬᠤᠶᠢᠰᠢᠳᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠵᠢᠯ ᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢᠨ ᠲᠤᠰᠠᠳᠠ᠂ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠣᠨ ᠡᠵᠡᠨ᠎ᠡ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃      ᠬᠤᠶᠠᠷ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠦᠨᠳᠦᠰᠦᠯᠡᠯ      ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠡᠪᠯᠡᠯ ᠤᠨ ᠡᠷᠬᠡ ᠶᠢᠨ ᠲᠣᠪᠴᠢᠶ᠎ᠠ ᠶᠢᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶ᠎ᠠ ᠶᠢᠨ 11 ᠳ᠋ᠦ᠋ᠭᠡᠷ ᠲᠣᠭᠠᠲᠤ ᠵᠠᠷᠯᠢᠭ ᠤᠨ ᠲᠤᠬᠠᠢ ︿ᠦᠰᠦᠭ ᠪᠢᠴᠢᠭ ᠤᠨ ᠪᠦᠲᠦᠭᠡᠯ ᠢᠶᠠᠷ ᠬᠥᠯᠥᠰᠦ ᠣᠯᠭᠤᠮᠵᠢ ᠣᠯᠭᠤᠬᠤ ᠠᠷᠭ᠎ᠠ﹀︾      ︵ᠬᠤᠶᠠᠷ︶ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠦᠷ ᠬᠡᠷᠡᠭᠵᠢᠭᠦᠯᠬᠦ ᠠᠷᠭ᠎ᠠ︾      ᠭᠤᠷᠪᠠ᠂ ︽ᠠᠷᠭ᠎ᠠ︾᠎ ᠶᠢᠨ ᠭᠤᠣᠯ ᠠᠭᠤᠯᠭ᠎ᠠ      ︵ᠨᠢᠭᠡ︶ ᠰᠢᠯᠭᠠᠨ ᠲᠣᠭᠲᠠᠭᠠᠬᠤ ᠡᠲᠡᠭᠡᠳ      ︵ᠬᠤᠶᠠᠷ︶ ᠰᠢᠯᠭᠠᠨ ᠦᠨᠡᠯᠡᠬᠦ ᠠᠭᠤᠯᠭ᠎ᠠ      ︵ᠭᠤᠷᠪᠠ︶ ᠰᠢᠯᠭᠠᠨ ᠦᠨᠡᠯᠡᠬᠦ ᠪᠠᠷᠢᠮᠵᠢᠶ᠎ᠠ      ︵ᠳᠥᠷᠪᠡ︶ ᠰᠢᠯᠭᠠᠨ ᠦᠨᠡᠯᠡᠭᠡᠳ ᠬᠠᠷᠢᠭᠤ ᠲᠤᠰᠬᠠᠬᠤ      ︵ᠲᠠᠪᠤ︶ ᠵᠠᠷᠯᠠᠨ ᠰᠠᠶᠢᠰᠢᠶᠠᠬᠤ      ᠳᠥᠷᠪᠡ᠂ ︽ᠠᠷᠭ᠎ᠠ︾᠎ ᠶᠢ ᠬᠡᠷᠡᠭᠵᠢᠭᠦᠯᠬᠦ ᠬᠡᠪᠴᠢᠶ᠎ᠡ ᠵᠢᠴᠢ ᠡᠲᠡᠭᠡᠳ      ︵ᠨᠢᠭᠡ︶ ᠬᠡᠷᠡᠭᠵᠢᠭᠦᠯᠬᠦ ᠬᠡᠪᠴᠢᠶ᠎ᠡ᠄ ᠠᠯᠠᠱᠠ ᠠᠶᠢᠮᠠᠭ ᠤᠨ ᠡᠵᠡᠨ᠎ᠡ ᠬᠤᠰᠢᠭᠤ      ︵ᠬᠤᠶᠠᠷ︶ ᠬᠡᠷᠡᠭᠵᠢᠭᠦᠯᠬᠦ ᠡᠲᠡᠭᠡᠳ᠄ ᠡᠵᠡᠨ᠎ᠡ ᠬᠤᠰᠢᠭᠤᠨ ᠤ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠬᠠᠷᠢᠶ᠎ᠠ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ      ︵ᠭᠤᠷᠪᠠ︶ ᠬᠡᠷᠡᠭᠵᠢᠭᠦᠯᠬᠦ ᠴᠠᠭ᠄ 2021 ᠣᠨ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号