ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠨᠠᠮ ᠤᠨ ᠲᠦᠯᠦᠭᠡᠯᠡᠭᠴᠢ ᠶᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2022/3/11
     ᠤᠶᠢᠷ᠎ᠠ ᠶᠢᠨ ᠡᠳᠤᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠨᠠᠮ ᠤᠨ ᠲᠦᠯᠦᠭᠡᠯᠡᠭᠴᠢ ᠶᠢ ᠪᠤᠯᠭᠤᠭᠠᠨ ᠲᠤᠬᠤᠨᠢᠭᠤᠯᠵᠤ᠂ ᠬᠤᠰᠢᠭᠤ ᠤᠳᠤᠷᠢᠳᠤᠯᠭ᠎ᠠ ᠰᠢᠦᠢ ᠵᠢᠩ᠂ ᠶᠠᠩ ᠶᠤᠩ ᠴᠢ᠂ ᠳ᠋ᠦ᠋ ᠶᠤᠩ ᠭᠠᠩ ᠨᠠᠷ ᠪᠠᠷ᠎ᠠ ᠪᠤᠯᠪᠠ᠃      ᠸᠠᠩ ᠯᠢ ᠵᠢᠶᠦ᠋ᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠳ᠋ᠧᠩ ᠵᠢᠢ ᠶᠧᠦ᠂ ᠠᠯᠳᠠᠨᠴᠢᠮᠡᠭ᠂ ᠴᠧᠨ ᠲᠢᠶᠧ ᠵᠢᠶᠦ᠋ᠨ ᠤᠨ ᠭᠡᠷ ᠢᠶᠠᠷ ᠬᠦᠷᠴᠤ᠂ ᠲᠡᠳᠡᠨᠡᠷ ᠲᠠᠢ ᠬᠠᠯᠠᠭᠤᠨ ᠲᠤᠳᠤᠨᠤᠰᠤᠭ ᠢᠶᠠᠷ ᠶᠠᠷᠢᠯᠴᠠᠨ᠂ ᠭᠡᠷ       ᠪᠦᠯᠢ ᠶᠢᠨ ᠠᠮᠢᠳᠤᠷᠠᠯ᠂ ᠪᠡᠶ᠎ᠡ ᠶᠢᠨ ᠡᠷᠡᠭᠦᠯ ᠮᠡᠨᠳᠤ ᠵᠡᠷᠭᠡ ᠪᠠᠶᠢᠳᠠᠯ ᠢ ᠠᠰᠠᠭᠤᠨ ᠤᠶᠢᠯᠠᠭᠠᠬᠤ ᠶᠢᠨ ᠬᠠᠮᠳᠤ  ᠪᠠᠰᠠ ᠠᠬᠠᠮᠠᠳ  ᠺᠠᠳ᠋ᠷᠴᠤᠳ ᠤᠨ ᠡᠵᠡᠨ᠎ᠡ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠬᠦᠯᠢᠶᠡᠨ ᠰᠤᠨᠤᠰᠪᠠ᠃  ᠸᠠᠩ ᠯᠢ ᠵᠢᠶᠦ᠋ᠨ ᠬᠡᠯᠡᠬᠦ ᠲᠡᠭᠡᠨ᠂ ᠠᠬᠠᠮᠠᠳ ᠺᠠᠳ᠋ᠷᠴᠤᠳ ᠪᠤᠯ ᠨᠠᠮ ᠪᠠ ᠠᠷᠠᠳ ᠲᠦᠮᠡᠨ ᠤ ᠡᠷᠬᠢᠮ ᠨᠠᠨᠳᠢᠨ ᠦᠪ ᠬᠦᠷᠦᠩᠭᠡ ᠮᠦᠨ᠂ ᠡᠵᠡᠨ᠎ᠡ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠠᠯ᠎ᠠ ᠪᠠᠷ ᠤᠯᠤᠭᠰᠠᠨ ᠠᠮᠵᠢᠯᠳᠠ ᠪᠦᠳᠦᠮᠵᠢ ᠶᠢ ᠪᠤᠯ ᠬᠤᠭᠤᠴᠠᠭ᠎ᠠ ᠲᠠᠷᠠᠭᠠᠯᠠᠨ ᠰᠢᠷᠭᠠᠭᠤ ᠠᠵᠢᠯᠯᠠᠵᠤ ᠪᠠᠶᠢᠭᠠᠳ ᠤᠯᠤᠭᠰᠠᠨ ᠶᠤᠮ᠂ ᠡᠭᠦᠨ ᠳᠤ ᠠᠬᠠᠮᠠᠳ ᠺᠠᠳ᠋ᠷᠴᠤᠳ ᠤᠨ ᠬᠦᠴᠤ       ᠬᠦᠳᠡᠯᠮᠤᠷᠢ ᠪᠠ ᠤᠶᠤᠨ ᠤᠬᠠᠭᠠᠨ ᠰᠢᠩᠭᠡᠵᠤ ᠪᠠᠶᠢᠳᠠᠭ᠃ ᠡᠶᠢᠮᠤ ᠪᠠᠷ ᠢᠶᠠᠨ ᠪᠦᠬᠦ ᠬᠤᠰᠢᠭᠤᠨ ᠤ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠡᠷᠬᠡᠪᠰᠢ ᠰᠢ ᠶᠢᠨ ᠫᠢᠩ ᠶᠡᠷᠤᠩᠭᠡᠢ ᠱᠦᠵᠢ ᠶᠢᠨ ᠠᠬᠠᠮᠠᠳ ᠺᠠᠳ᠋ᠷᠴᠤᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠡᠯ᠎ᠡ ᠲᠦᠷᠦᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢᠶᠠᠨ ᠰᠡᠳᠬᠢᠯ ᠲᠠᠯᠪᠢᠨ ᠰᠠᠶᠢᠳᠤᠷ ᠬᠢᠵᠤ᠂ ᠠᠬᠠᠮᠠᠳ ᠺᠠᠳ᠋ᠷᠴᠤᠳ ᠢ ᠦᠳᠡᠯᠦᠭᠡ ᠨᠠᠰᠤ ᠪᠠᠨ ᠵᠤᠯ ᠵᠢᠷᠭᠠᠯ ᠪᠠᠶᠠᠷ ᠬᠦᠷ ᠲᠠᠢ ᠦᠩᠭᠡᠷᠡᠭᠦᠯᠬᠦ ᠶᠢ ᠵᠠᠬᠢᠵᠡᠢ᠃ ᠮᠦᠨᠴᠤ ᠠᠬᠠᠮᠠᠳ ᠺᠠᠳ᠋ᠷᠴᠤᠳ ᠤᠨ ᠦᠩᠭᠡᠷᠡᠭᠰᠡᠨ ᠳᠤ ᠡᠵᠡᠨ᠎ᠡ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠦᠵᠡᠭᠦᠯᠦᠭᠰᠡᠨ ᠴᠦᠬᠦᠷᠡᠰᠢ ᠦᠭᠡᠢ ᠬᠠᠳᠠᠭᠤ ᠴᠢᠷᠮᠠᠶᠢᠯᠭ᠎ᠠ ᠪᠠ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠳᠤ ᠲᠡᠳᠡᠨ ᠢ ᠦᠷᠭᠦᠯᠵᠢᠯᠡᠨ ᠡᠵᠡᠨ᠎ᠡ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢ ᠬᠠᠯᠠᠮᠵᠢᠯᠠᠨ ᠲᠡᠮᠵᠢᠵᠤ᠂ ᠢᠯᠡᠬᠦᠭᠡᠨ ᠰᠠᠨᠠᠯ ᠪᠤᠳᠤᠯ ᠢᠶᠠᠨ ᠲᠡᠪᠰᠢᠭᠦᠯᠦᠨ᠂ ᠤᠷᠤᠨ ᠨᠤᠳᠤᠭ ᠤᠨ ᠬᠦᠭᠵᠢᠯᠳᠡ ᠶᠢ ᠠᠬᠢᠭᠤᠯᠬᠤ ᠳᠤ ᠢᠳᠡᠪᠬᠢ ᠬᠤᠪᠢ       ᠨᠡᠮᠡᠷᠢ ᠪᠠᠨ ᠦᠵᠡᠬᠦᠯᠬᠦ ᠶᠢ ᠬᠦᠰᠡᠮᠵᠢᠯᠡᠵᠡᠢ᠃          ᠸᠠᠩ ᠯᠢ ᠵᠢᠶᠦ᠋ᠨ ᠪᠠᠰᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢ᠂ ᠪᠦᠬᠦ       ᠤᠯᠤᠰ ᠤᠨ ︽3.8︾᠎ ᠤ ᠤᠯᠠᠭᠠᠨ ᠲᠤᠭᠴᠢ ᠶᠢᠨ ᠵᠢᠱᠢᠶᠡᠴᠢ ᠤᠶᠤᠨᠰᠤᠶᠤᠯ ᠢ ᠪᠤᠯᠭᠤᠭᠠᠨ ᠲᠤᠬᠤᠨᠢᠭᠤᠯᠵᠤ᠂ ᠲᠡᠭᠦᠨ ᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠰᠠᠶᠢᠳᠤᠷ  ᠪᠠᠳᠠᠷᠠᠭᠤᠯᠤᠨ᠂ ᠢᠳᠡᠭᠡᠯ ᠵᠤᠷᠢᠭ ᠢᠶᠠᠨ ᠪᠠᠳᠤᠳᠬᠠᠵᠤ᠂ ᠭᠠᠴᠠᠭᠠᠨ ᠤ ᠮᠠᠯᠴᠢᠨ ᠲᠠᠷᠢᠶᠠᠴᠢᠳ ᠢᠶᠠᠨ ᠲᠠᠶᠢᠴᠢᠯᠠᠨ ᠬᠠᠮᠳᠤᠪᠡᠷ ᠪᠠᠶᠠᠵᠢᠨ ᠴᠢᠨᠡᠭᠡᠯᠢᠭᠵᠢᠭᠰᠡᠨ ᠲᠡᠷᠢᠭᠦᠨ ᠤ ᠦᠢᠯᠡ ᠠᠵᠢᠯᠯᠭ᠎ᠠ ᠳᠤ ᠭᠦᠢᠴᠡᠳ ᠨᠤᠳᠠᠯᠠᠯᠳᠠ ᠦᠭᠭᠦ ᠶᠢᠨ ᠬᠠᠮᠳᠤ       ᠵᠠᠯᠠᠭᠤᠴᠤᠳ ᠢ ᠦᠯᠢᠭᠡᠷ ᠲᠠᠭᠤᠷᠢᠶᠠᠯ ᠠᠴᠠ ᠰᠤᠷᠤᠯᠴᠠᠨ᠂ ᠰᠢᠷᠭᠠᠭᠤ ᠬᠠᠳᠠᠭᠤᠵᠢᠯᠲᠠᠢ ᠴᠢᠷᠮᠠᠶᠢᠨ ᠠᠵᠢᠯᠯᠠᠵᠤ᠂ ᠵᠤᠯ ᠵᠢᠷᠭᠠᠯᠳᠤ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠬᠤ ᠶᠢ ᠬᠦᠰᠡᠵᠡᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号