ᠮᠠᠨ ᠤ ᠬᠤᠰᠢᠭᠤᠨ ᠤ ᠡᠯ᠎ᠡ ᠰᠤᠷᠭᠠᠭᠤᠯᠢ ᠬᠦᠷᠡᠩ ᠤᠨ ᠭᠠᠳᠠᠨᠠᠬᠢ ᠲᠤᠶᠠᠭᠠᠨ ᠤ ᠠᠷᠢᠭᠤᠳᠬᠠᠯ ᠤᠨ ᠳ᠋ᠧᠩ ᠎ ᠢ ᠤᠭᠰᠠᠷᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2022/3/15
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠷᠢᠭᠤᠳᠬᠠᠯ ᠤᠨ ᠠᠵᠢᠯ ᠢ ᠤᠯᠠᠮ ᠴᠢᠩᠭᠠᠳᠬᠠᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠠᠮᠤᠷ ᠲᠥᠪᠰᠢᠨ ᠢ ᠪᠠᠲᠤᠯᠠᠬᠤ ᠶᠢᠨ ᠲᠤᠰᠠᠲᠠ᠂ ᠮᠠᠨ ᠤ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠎ ᠤᠨ  ᠴᠡᠴᠡᠷᠯᠢᠭ ᠨᠢ  ᠬᠦᠷᠡᠩ ᠤᠨ ᠭᠠᠳᠠᠨᠠᠬᠢ ᠲᠤᠶᠠᠭᠠᠨ ᠤ ᠠᠷᠢᠭᠤᠳᠬᠠᠯ ᠤᠨ ᠰᠢᠰᠲ᠋ᠧᠮ ᠢ ᠬᠡᠷᠡᠭᠯᠡᠵᠦ᠂ ᠰᠡᠷᠭᠡᠶᠢᠯᠡᠨ ᠡᠵᠡᠮᠳᠡᠬᠦ ᠠᠵᠢᠯ ᠢᠶᠠᠨ ᠥᠨᠡᠨᠬᠦ ᠴᠢᠩᠭᠠᠳᠬᠠᠨ ᠠᠶᠤᠯ ᠲᠦᠭᠰᠢᠭᠦᠷᠢ ᠶᠢ ᠪᠦᠳᠦᠮᠵᠢᠲᠠᠢ ᠪᠠᠭᠠᠰᠬᠠᠵᠤ᠂ ᠪᠠᠭᠰᠢ ᠰᠤᠷᠤᠭᠴᠢᠳ ‍ᠤᠨ‌‍ᠰᠤᠷᠭᠠᠭᠤᠯᠢ ᠤᠨ ᠬᠦᠷᠢᠶᠡᠨ ᠳᠠᠬᠢ ᠡᠷᠡᠭᠦᠯ ᠮᠡᠨᠳᠤ ᠶᠢᠨ ᠠᠮᠦᠷ ᠲᠦᠪᠰᠢᠨ ᠢ ᠪᠠᠳᠤᠯᠠᠵᠤ ᠪᠠᠶᠢᠨ᠎ᠠ  ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠳᠤ᠂ ᠠᠮᠠᠪᠴᠢ᠂ ᠰᠫᠢᠷᠲ᠂ ᠨᠢᠳᠦ ᠬᠠᠮᠠᠭᠠᠯᠠᠬᠤ ᠰᠢᠯ ᠢ ᠪᠠᠶᠢᠩᠭᠤ ᠶᠢᠨ ᠴᠢᠨᠠᠷ ᠲᠠᠢ ᠪᠡᠯᠡᠳᠭᠡᠬᠦ ᠠᠴᠠ ᠭᠠᠳᠠᠨ᠎ᠠ ᠬᠦᠷᠡᠩ ᠤᠨ ᠭᠠᠳᠠᠨᠠᠬᠢ ᠲᠤᠶᠠᠭᠠᠨ ᠤ ᠠᠷᠢᠭᠤᠳᠬᠠᠯ ᠤᠨ ᠳ᠋ᠧᠩ ᠨᠢ ᠴᠦ ᠪᠠᠰᠠ ᠨᠢᠭᠡ ᠵᠦᠢᠯ ᠤᠨ ᠪᠦᠲᠦᠮᠵᠢᠲᠡᠢ ᠬᠢᠵᠢᠭ ᠢ ᠰᠡᠷᠭᠡᠶᠢᠯᠡᠬᠦ ᠪᠤᠳᠠᠰ ᠪᠣᠯᠣᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠬᠦᠷᠡᠩ ᠤᠨ ᠭᠠᠳᠠᠨᠠᠬᠢ ᠲᠤᠶᠠᠭᠠᠨ ᠤ ᠠᠷᠢᠭᠤᠳᠬᠠᠯ ᠤᠨ ᠳ᠋ᠧᠩ ᠨᠢ ᠠᠭᠠᠷ ᠤᠨ ᠠᠷᠢᠭᠤᠳᠬᠠᠯ ᠤᠨ ᠳᠤᠮᠳᠠ ᠮᠠᠰᠢ ᠴᠢᠩᠭ᠎ᠠ ᠪᠠᠺᠲ᠋ᠧᠷᠢ ᠠᠯᠠᠬᠤ ᠦᠢᠯᠡᠳᠦᠯ ᠲᠠᠢ᠂ ᠥᠩᠭᠡ ᠦᠭᠡᠢ ᠦᠨᠦᠷ ᠦᠭᠡᠢ ᠬᠢᠮᠢ ᠶᠢᠨ ᠪᠣᠳᠠᠰ ᠤᠨ ᠦᠯᠡᠳᠡᠭᠳᠡᠯ ᠦᠭᠡᠢ ᠵᠡᠷᠭᠡ ᠳᠠᠪᠠᠭᠤᠯᠢᠭ ᠲᠠᠯ᠎ᠠ ᠠᠭᠤᠯᠠᠭᠳᠠᠵᠤ ᠪᠠᠶᠢᠬᠤ ᠪᠣᠯᠬᠤᠷ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠤᠭᠤᠯᠠᠨ ᠭᠡᠷ ᠵᠡᠷᠭᠡ ᠲᠠᠯᠠᠪᠤᠷ ᠲᠤ ᠥᠷᠭᠡᠨ ᠢᠶᠠᠷ ᠬᠡᠷᠡᠭᠯᠡᠭᠳᠡᠵᠦ ᠪᠤᠢ᠃  
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号