ᠡᠵᠡᠨ᠎ᠡ ᠬᠤᠰᠢᠭᠤ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ  ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/3/2
     ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠠᠬᠢᠨ ᠳᠡᠯᠭᠡᠷᠡᠬᠦ ᠠᠶᠤᠯ ᠲᠦᠭᠰᠢᠭᠦᠷᠢ ᠶᠢ ᠪᠦᠲᠦᠮᠵᠢᠲᠡᠶ ᠬᠤᠷᠢᠭᠯᠠᠨ ᠪᠠᠭᠠᠰᠬᠠᠵᠤ᠂ ᠠᠷᠠᠳ ᠣᠯᠠᠨ ᠤ ᠪᠡᠶ᠎ᠡ ᠶᠢᠨ ᠡᠷᠡᠭᠦᠯ ᠮᠡᠨᠲᠤ ᠶᠢ ᠤᠯᠠᠮ ᠨᠢᠭᠡ ᠠᠯᠬᠤᠮ ᠪᠠᠲᠤᠯᠠᠬᠤ ᠶᠢᠨ ᠳᠣᠰᠠᠳᠠ᠂ 2 ᠳ᠋ᠤᠭᠠᠷ ᠰᠠᠷ᠎ᠠ ᠶᠢᠨ 25᠎ ᠤ ᠡᠳᠦᠷ ᠠᠴᠠ 2 ᠳ᠋ᠤᠭᠠᠷ ᠰᠠᠷ᠎ᠠ ᠶᠢᠨ 26᠎ ᠤ ᠡᠳᠦᠷ ᠪᠣᠯᠲᠠᠯ᠎ᠠ᠂ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠠᠴᠠ ᠪᠥᠬᠦ ᠬᠤᠰᠢᠭᠤᠨ ᠤ ᠬᠡᠪᠴᠢᠶᠡᠨ ᠳᠤ ᠪᠥᠬᠦ ᠠᠷᠠᠳ ᠤᠨ ᠪᠥᠭᠡᠮ       ᠬᠦᠴᠢᠯ ᠤᠨ ᠰᠢᠯᠭᠠᠨ ᠪᠠᠶᠢᠴᠠᠭᠠᠬᠤ ᠪᠣᠳᠠᠲᠤ ᠰᠣᠷᠢᠯᠲᠠ ᠶᠢ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂  ᠬᠤᠰᠢᠭᠤ ᠳᠠᠷᠤᠭ᠎ᠠ ᠪᠦᠬᠡ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢ ᠶᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ  ᠪᠣᠤ ᠳᠡᠯ᠎ᠠ᠂ ᠬᠤᠰᠢᠭᠤᠨ ᠤ ᠳᠡᠳ᠋ ᠳᠠᠷᠤᠭ᠎ᠠ ᠶᠧ ᠢᠦᠢ ᠰᠢᠶᠠ ᠬᠡᠰᠡᠭ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠭᠠᠨ ᠵᠢᠯᠣᠭᠤᠳᠪᠠ᠃      26᠎ ᠤ ᠡᠳᠤᠷ ᠤᠨ ᠥᠷᠯᠥᠭᠡ ᠶᠢᠨ 8 ᠴᠠᠭ ᠲᠤ᠂ ᠡᠯ᠎ᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠯᠢᠭᠡᠷ ᠠᠪᠬᠤ ᠴᠡᠭ ᠲᠤ᠂ ᠡᠮᠴᠢ ᠰᠤᠪᠢᠯᠠᠭᠴᠢᠳ ᠦᠯᠢᠭᠡᠷ ᠠᠪᠬᠤ ᠠᠵᠢᠯ ᠢᠶᠠᠨ ᠲᠤᠭᠳᠠᠭᠰᠠᠨ ᠴᠠᠭ ᠲᠠᠭᠠᠨ ᠡᠬᠢᠯᠡᠭᠦᠯᠵᠦ᠂ ᠰᠠᠭᠤᠭᠠᠯᠢ ᠠᠷᠠᠳ ᠱᠠᠭᠠᠷᠲᠠᠯᠭ᠎ᠠ ᠶᠤᠰᠤᠭᠠᠷ ᠠᠮᠠᠪᠴᠢ ᠪᠠᠨ ᠰᠠᠶᠢᠳᠤᠷ ᠵᠡᠭᠦᠵᠤ ᠡᠮᠬᠢ ᠵᠢᠷᠤᠮ ᠲᠠᠢ ᠮᠥᠷᠢᠯᠡᠨ ᠰᠢᠯᠭᠠᠨ ᠪᠠᠶᠢᠴᠠᠭᠠᠯᠳᠠ ᠶᠢ ᠬᠢᠭᠡᠴᠢᠭᠡᠨ᠎ᠡ᠃      ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠰᠣᠷᠢᠯᠲᠠ ᠳᠤ᠂ ᠮᠠᠨ ᠤ ᠬᠤᠰᠢᠭᠤ ᠣᠷᠣᠨ ᠪᠦᠰᠡ ᠶᠢᠨ ᠬᠤᠪᠢᠶᠠᠷᠢᠯᠠᠯ᠂ ᠬᠥᠮᠥᠨ ᠠᠮᠠ ᠶᠢᠨ ᠰᠠᠭᠤᠷᠢ ᠲᠤᠭ᠎ᠠ᠂ ᠡᠬᠢ ᠪᠠᠶᠠᠯᠢᠭ ᠤᠨ ᠡᠯᠧᠮᠧᠨ᠋ᠲ ᠵᠡᠷᠭᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠳᠠᠷᠠᠭᠠᠯᠠᠯ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ ᠴᠢᠩᠭᠠᠳᠬᠠᠨ᠂ ᠠᠵᠢᠯᠲᠠᠨ ᠤ ᠰᠠᠭᠤᠷᠢ ᠲᠤᠭ᠎ᠠ ᠶᠢ ᠣᠶᠢᠯᠠᠭᠠᠭᠰᠠᠨ ᠰᠠᠭᠤᠷᠢᠨ ᠳᠡᠭᠡᠷ᠎ᠡ᠂ ᠪᠦᠬᠦ ᠳᠦᠷᠦᠯ ᠤᠨ ᠠᠵᠢᠯ ᠢ ᠥᠷ᠎ᠠ  ᠪᠦᠳᠦᠮᠵᠢᠲᠠᠢ ᠮᠥᠷᠲᠡᠭᠡᠨ ᠴᠢᠨᠡᠷᠲᠠᠢ ᠪᠠᠶᠢᠬᠤ ᠶᠢ ᠪᠠᠳᠤᠯᠠᠪᠠ᠃ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠳᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠲᠠᠷᠤᠢ ᠪᠠᠶᠢᠩᠭᠤ ᠰᠠᠭᠤᠭ᠎ᠠ ᠬᠥᠮᠥᠨ ᠠᠮᠠ᠂ ᠲᠦᠷ ᠰᠠᠭᠤᠭ᠎ᠠ ᠬᠥᠮᠥᠨ ᠠᠮᠠ᠂ ᠲᠦᠷ ᠴᠠᠭ ᠤᠨ ᠨᠡᠭᠦᠳᠡᠯ ᠬᠥᠮᠥᠨ ᠠᠮᠠ ᠪᠥᠷ ᠤᠷᠤᠯᠴᠠᠪᠠ᠃ ᠡᠭᠦᠨ ᠳᠤ ᠲᠥᠪᠯᠡᠷᠡᠭᠦᠯᠦᠨ ᠲᠤᠰᠠᠭᠠᠷᠯᠠᠭᠰᠠᠨ᠂ ᠭᠡᠷ ᠲᠡᠭᠡᠨ ᠳᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠭ᠎ᠠ᠂ ᠭᠡᠷ ᠲᠡᠭᠡᠨ ᠰᠠᠭᠤᠵᠤ ᠪᠠᠶᠢᠭ᠎ᠠ ᠡᠷᠡᠭᠦᠯ ᠮᠡᠨᠳᠦ ᠶᠢᠨ ᠬᠢᠨᠠᠨ ᠰᠢᠯᠭᠠᠬᠤ ᠠᠵᠢᠯᠲᠠᠨ ᠵᠢᠴᠢ 48 ᠴᠠᠭ ᠤᠨ ᠳᠣᠲᠣᠷ᠎ᠠ ᠰᠢᠨ᠎ᠡ ᠸᠠᠺᠼᠢᠨ ᠤ ᠲᠠᠷᠢᠯᠭ᠎ᠠ ᠬᠢᠵᠦ ᠥᠩᠭᠡᠷᠡᠭᠰᠡᠨ ᠬᠥᠮᠥᠰ ᠪᠠᠭᠲᠠᠬᠤ ᠦᠭᠡᠢ᠃ ᠰᠤᠷᠪᠤᠯᠵᠢᠯᠠᠭᠴᠢ ᠬᠤᠰᠢᠭᠤᠨ ᠤ ᠡᠷᠡᠭᠦᠯ ᠬᠠᠮᠠᠭᠠᠯᠠᠯ ᠤᠨ ᠵᠥᠪᠯᠡᠯ ᠠᠴᠠ ᠣᠶᠢᠯᠠᠭᠠᠭᠰᠠᠨ‌‍ᠢᠶ᠋ᠠᠷ  ᠂ ᠮᠠᠨ ᠤ ᠬᠤᠰᠢᠭᠤᠨ ᠤ 2022 ᠣᠨ ᠤ 2 ᠳ᠋ᠤᠭᠠᠷ ᠰᠠᠷ᠎ᠠ ᠶᠢᠨ 25᠎ ᠤ ᠡᠳᠦᠷ ᠤᠨ 8 ᠴᠠᠭ ᠠᠴᠠ 18 ᠴᠠᠭ ᠲᠤ  ᠂ ᠰᠤᠮᠤ ᠪᠠᠯᠭᠠᠰᠤᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠡᠬᠢᠯᠡᠭᠦᠯᠵᠦ᠂ 2 ᠳ᠋ᠤᠭᠠᠷ ᠰᠠᠷ᠎ᠠ ᠶᠢᠨ 26᠎ ᠤ ᠡᠳᠦᠷ ᠤᠨ 8 ᠴᠠᠭ ᠠᠴᠠ 14 ᠴᠠᠭ ᠤᠨ ᠬᠤᠭᠤᠷᠣᠨᠳᠤ  ᠳᠠᠯᠠᠶᠢᠬᠥ᠋ᠪ ᠪᠠᠯᠭᠠᠰᠤᠨ ᠤ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠎ ᠤᠨ ᠠᠵᠢᠯ ᠢ ᠡᠬᠢᠯᠡᠬᠦᠯᠦᠨ᠂ ᠬᠤᠶᠠᠷ ᠡᠳᠦᠷ ᠲᠤ ᠨᠡᠶᠢᠲᠡ 22651 ᠬᠥᠮᠥᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠠᠪᠴᠦ᠂ ᠡᠴᠦᠰ ᠤᠨ ᠳ᠋ᠦᠩ ᠨᠢ ᠴᠥᠮ ᠪᠢᠯᠢᠭ ᠴᠢᠨᠠᠷᠲᠠᠢ ᠲᠠᠢ ᠪᠠᠶᠢᠯ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号