ᠮᠠᠨ ᠤ ᠬᠤᠰᠢᠭᠤᠨ ᠤ ᠤᠯᠠᠨ ᠴᠢᠳᠠᠪᠤᠷᠢᠲᠤ ᠡᠯᠧᠺᠲᠷᠣᠨ ᠴᠠᠭᠳᠠᠭ᠎ᠠ ᠶᠢᠨ ᠰᠡᠭᠦᠳᠡᠷᠯᠡᠬᠦ ᠰᠢᠰᠲ᠋ᠧᠮ ᠪᠦᠭᠦ ᠱᠤᠭᠤᠮ ᠢᠶᠠᠷ ᠠᠵᠢᠯᠯᠠᠵᠤ ᠡᠬᠢᠯᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2022/3/2
      ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠴᠢᠩᠭᠠᠳᠬᠠᠬᠤ ᠵᠨ ᠳᠤᠰᠠᠳᠠ᠂ ᠮᠠᠨ ᠤ ᠬᠤᠰᠢᠭᠤᠨ ᠤ 11 ᠭᠠᠵᠠᠷ ᠤᠨ ᠤᠯᠠᠨ ᠴᠢᠳᠠᠪᠤᠷᠢᠲᠤ ᠡᠯᠧᠺᠲᠷᠣᠨ ᠴᠠᠭᠳᠠᠭ᠎ᠠ ᠶᠢᠨ ᠰᠡᠭᠦᠳᠡᠷᠯᠡᠬᠦ ᠰᠢᠰᠲ᠋ᠧᠮ ᠨᠢ 2 ᠳ᠋ᠤᠭᠠᠷ ᠰᠠᠷ᠎ᠠ ᠶᠢᠨ 28᠎ ᠤ ᠡᠳᠦᠷ ᠠᠴᠠ ᠡᠬᠢᠯᠡᠨ ᠪᠦᠭᠦ ᠱᠤᠭᠤᠮ ᠢᠶᠠᠷ ᠠᠵᠢᠯᠯᠠᠵᠦ ᠡᠬᠢᠯᠡᠯ᠎ᠡ᠃  ᠡᠨᠡ ᠨᠢ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠡᠷᠢ ᠲᠥᠪᠰᠢᠨ ᠤᠯᠠᠮ ᠨᠢᠭᠡ ᠠᠯᠬᠤᠮ ᠲᠡᠭᠡᠭᠰᠢᠯᠡᠭᠰᠡᠨ ᠢ ᠬᠠᠷᠠᠭᠤᠯᠵᠤ  ᠪᠤᠢ  ᠃      ᠣᠶᠢᠯᠠᠭᠠᠭᠰᠠᠨ ᠢᠶᠠᠷ᠂ ᠪᠣᠶ ᠪᠦᠬᠦᠢ ᠳᠦᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠡᠷᠡᠭᠯᠡᠭᠡᠨ ᠤ ᠶᠡᠷᠦᠩᠬᠡᠶᠢᠯᠡᠭᠰᠡᠨ ᠲᠠᠪᠴᠠᠩ ᠳᠤ ᠨᠢᠭᠡᠳᠦᠯᠲᠡᠢ ᠣᠷᠣᠭᠤᠯᠵᠤ᠂ ᠳᠦᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠭᠤᠴᠢᠯᠠᠭᠤᠷ᠂ ᠷᠠᠳᠢᠣ᠋ ᠨᠡᠪᠲᠡᠷᠡᠭᠦᠯᠭᠡ᠂ ᠲᠧᠯᠸᠢᠰ ᠪᠤᠶᠤ ᠣᠬᠤᠷ ᠮᠡᠳᠡᠭᠡ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠢ ᠶᠢᠨ ᠬᠥᠮᠥᠨ ᠳᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠳᠤ ᠬᠦᠷᠴᠦ ᠰᠢᠢᠳᠪᠦᠷᠢᠯᠡᠬᠦ ᠶᠢ ᠮᠡᠳᠡᠭᠳᠡᠬᠦ ᠶᠢᠨ ᠬᠠᠮᠳᠤ ᠵᠢᠯᠣᠭᠤᠴᠢ ᠨᠠᠷ ᠲᠤ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠰᠠᠨᠠᠭᠤᠯᠬᠤ ᠪᠣᠯᠣᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号