ᠲᠠᠯ᠎ᠠ ᠨᠤᠲᠤᠭ ᠤᠨ ᠬᠦᠩᠭᠡᠨ ᠮᠤᠷᠢᠲᠦ ᠴᠡᠷᠢᠭ ᠤᠨ ᠵᠤᠷᠢᠭ ᠰᠠᠨᠠᠭ᠎ᠠ ᠶᠢ ᠪᠠᠳᠠᠷᠠᠭᠤᠯᠵᠤ ᠶᠠᠪᠤᠭ᠎ᠠ ᠡᠮᠡᠭᠲᠡᠢ ᠲᠤᠭᠯᠠᠭᠴᠢᠳ
ᠨᠡᠶᠢᠲᠡᠯᠡᠭᠰᠡᠨ ᠴᠠᠭ᠄
2022/3/23
     ᠡᠵᠡᠨ᠎ᠡ ᠬᠤᠰᠢᠭᠤᠨ ᠤ ᠤᠯᠠᠭᠠᠨᠮᠦ᠋ᠴᠢᠷ ᠨᠢ 1961 ᠤᠨ ᠳᠤ ᠪᠠᠶᠢᠭᠤᠯᠤᠭᠳᠠᠭᠰᠠᠨ ᠠᠴᠠ ᠨᠠᠰᠢ᠂ 60 ᠭᠠᠷᠦᠢ ᠵᠢᠯ ᠤᠨ ᠲᠤᠷᠰᠢ᠂ ᠦᠶ᠎ᠡ ᠦᠶ᠎ᠡ ᠶᠢᠨ ᠤᠷᠠᠯᠢᠭ ᠤᠨ ᠠᠵᠢᠯᠲᠠᠳ ᠮᠠᠨᠢ ᠦᠨᠳᠦᠰᠦᠨ ᠱᠠᠲᠤᠨ ᠳᠤ ᠦᠢᠯᠡᠴᠢᠯᠡᠨ᠂ ᠡᠵᠡᠨ᠎ᠡ ᠶᠢᠨ 11.46 ᠲᠦᠮᠡᠨ ᠲᠡᠭᠰᠢ ᠳᠦᠷᠪᠡᠯᠵᠢᠨ ᠺᠢᠯᠤᠮᠧᠲᠷ ᠤᠨ ᠭᠠᠵᠠᠷ ᠨᠣᠲᠤᠭ ᠲᠤ ᠤᠯᠠ ᠮᠦᠷ ᠢᠶᠠᠨ  ᠦᠯᠡᠳᠡᠭᠡᠵᠤ᠂ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠪᠦᠷᠯᠡᠨ ᠲᠠᠯ᠎ᠠ ᠨᠤᠲᠤᠭ ᠤᠨ ᠰᠢᠯᠢᠳᠡᠭ ᠰᠤᠶᠤᠯ ᠢ ᠤᠯᠠᠮᠵᠢᠯᠠᠨ ᠲᠡᠯᠭᠡᠷᠡᠭᠦᠯᠭᠦ ᠪᠠᠷ ᠦᠨᠳᠦᠰᠦᠨ ᠱᠠᠲᠤᠨ ᠤ ᠤᠯᠠᠨ ᠲᠥᠮᠡᠨ ᠳᠡᠭᠡᠨ ᠰᠢᠯᠢᠳᠡᠭ ᠰᠠᠶᠢᠬᠠᠨ ᠲᠤᠭᠯᠠᠯᠲᠠ ᠪᠠᠨ ᠬᠥᠷᠭᠡᠭᠰᠡᠭᠡᠷ ᠢᠷᠡᠵᠡᠢ᠃     ᠤᠯᠠᠭᠠᠨᠮᠦᠴᠢᠷ ᠤᠨ 21 ᠡᠮᠡᠭᠲᠡᠢ ᠲᠤᠭᠯᠠᠭᠴᠢᠳ ᠮᠠᠨᠢ ᠲᠠᠶᠢᠰᠠᠨ ᠳᠠᠭᠠᠨ ᠭᠠᠷᠪᠠᠯ ᠰᠢᠯᠢᠳᠡᠭ ᠲᠤᠭᠯᠠᠭᠴᠢ᠂ ᠲᠠᠶᠢᠰᠠᠨ ᠠᠴᠠ ᠪᠠᠨ ᠪᠠᠭᠤᠪᠠᠯ ᠠᠷᠠᠳ ᠲᠥᠮᠡᠨ ᠤ ᠰᠠᠶᠢᠨ ᠥᠢᠯᠡᠴᠢᠯᠡᠭᠴᠢ ᠶᠤᠮ᠃ ᠲᠡᠳᠡ ᠮᠠᠨᠢ ᠦᠷᠭᠡᠨ ᠤᠯᠠᠨ ᠮᠠᠯᠴᠢᠨ ᠲᠠᠷᠢᠶᠠᠴᠢᠨ ᠳᠠᠭᠠᠨ ᠰᠢᠯᠢᠳᠡᠭ ᠰᠠᠶᠢᠨ ᠲᠤᠭᠯᠠᠯᠲᠠ ᠢᠶᠠᠨ ᠬᠥᠷᠭᠡᠬᠦ ᠶᠢᠨ ᠲᠤᠰᠠᠲᠠ ᠥᠨᠳᠤᠰᠤᠨ       ᠱᠠᠳᠤᠨ ᠳᠤ ᠤᠴᠢᠵᠤ ᠤᠯᠠᠨ ᠲᠥᠮᠡᠨ ᠤ ᠲᠤᠮᠳᠠ ᠭᠦᠨᠵᠡᠭᠡᠶᠢᠷᠡᠨ ᠤᠯᠠᠨ ᠲᠥᠮᠡᠨ ᠤ ᠭᠠᠯ ᠬᠠᠯᠠᠭᠤᠨ       ᠠᠮᠢᠳᠤᠷᠠᠯ ᠠᠴᠠ ᠰᠢᠯᠢᠳᠡᠭ ᠪᠥᠳᠥᠭᠡᠯ ᠢᠶᠠᠨ ᠲᠤᠭᠤᠷᠪᠢᠨ ᠭᠠᠷᠭᠠᠳᠠᠭ᠃ ᠮᠦᠨ ᠴᠤ  ︽ᠪᠢ ᠪᠤᠯ       ᠤᠯᠠᠭᠠᠨᠮᠦ᠋ᠴᠢᠷ ᠤᠨ ᠭᠡᠰᠢᠭᠦᠨ᠂ ᠪᠢ ᠲᠠᠨ ᠢ ᠬᠠᠪᠰᠤᠷᠤᠶ᠎ᠠ︾ ᠭᠡᠬᠦ ᠠᠵᠢᠯᠯᠠᠭᠠᠨ ᠳᠤ ᠢᠲᠡᠪᠢᠬᠢᠲᠡᠢ ᠤᠷᠤᠯᠴᠠᠵᠤ᠂ ᠦᠨᠳᠦᠰᠦᠨ ᠱᠠᠲᠤᠨ ᠤ ᠤᠯᠠᠨ ᠲᠥᠮᠡᠨ ᠳᠤ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ᠂ ᠬᠦᠴᠢᠷᠳᠡᠯ ᠲᠠᠢ ᠬᠦᠮᠦᠰ ᠢ ᠬᠠᠪᠰᠤᠷᠤᠨ ᠲᠡᠳᠭᠦᠬᠦ ᠵᠡᠷᠭᠡ ᠠᠵᠢᠯᠯᠠᠭ᠎ᠠ ᠶᠢ ᠦᠷᠨᠢᠬᠦᠯᠳᠡᠭ ᠪᠠᠶᠢᠨ᠎ᠠ᠃      ᠮᠠᠯᠴᠢᠨ ᠪᠠᠲᠤᠮᠦ᠋ᠩᠭᠡ ᠠᠴᠠ᠂ ᠮᠠᠯᠴᠢᠳ ᠢ ᠬᠠᠪᠰᠤᠷᠴᠦ ᠡᠪᠡᠰᠦ ᠬᠠᠳᠠᠨ᠎ᠠ᠂ ᠲᠤᠤᠷ ᠲᠠᠲᠠᠵᠤ ᠦᠭᠭᠦᠨ᠎ᠡ᠂ ᠡᠳᠡᠭᠡᠷ ᠵᠠᠯᠠᠭᠤᠴᠤᠳ ᠮᠠᠨᠢ ᠶᠠᠳᠠᠵᠤ ᠵᠦᠳᠡᠷᠡᠬᠦ ᠪᠤᠵᠠᠷ ᠪᠤᠷᠲᠠᠭ ᠠᠴᠠ ᠠᠶᠤᠳᠠᠭ ᠦᠭᠡᠢ᠃ ᠲᠡᠲᠡ ᠴᠢᠨᠢ ᠪᠢᠳᠠᠨ ᠢ ᠳᠡᠮᠵᠢᠵᠦ ᠠᠵᠢᠯ ᠬᠢᠬᠦ ᠪᠠᠷ ᠪᠠᠷᠠᠬᠤ ᠦᠭᠡᠢ ᠪᠠᠰᠠ ᠤᠷᠠᠨ ᠰᠠᠶᠢᠬᠠᠨ ᠤ ᠲᠤᠭᠯᠠᠯᠲᠠ ᠭᠠᠷᠭᠠᠵᠤ ᠦᠭᠭᠦᠨ᠎ᠡ᠂       ᠪᠢᠳᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠂ ᠶᠡᠭᠡ ᠰᠠᠶᠢᠨ ᠵᠠᠯᠠᠭᠤᠴᠤᠳ ᠭᠡᠵᠦ ᠪᠠᠶᠢᠯ᠎ᠠ᠃      ᠤᠯᠠᠭᠠᠨᠮᠦ᠋ᠴᠢᠷ ᠤᠨ  ᠪᠦᠵᠢᠭ ᠤᠨ ᠠᠩᠭᠢ ᠶᠢᠨ ᠬᠢᠨ ᠦᠪᠡᠷᠮᠢᠴᠡ ᠦᠢᠯᠡᠳᠦᠯ ᠢᠶᠠᠨ ᠦᠨᠡᠨᠬᠦ       ᠪᠠᠳᠠᠷᠠᠭᠤᠯᠵᠤ᠂ ᠨᠠᠮ ᠤᠨ ᠱᠤᠭᠤᠮ᠂ ᠴᠢᠭᠯᠡᠯ᠂ ᠲᠦᠷᠦ ᠶᠢᠨ ᠪᠤᠳᠤᠯᠭ᠎ᠠ ᠶᠢ ᠤᠬᠠᠭᠤᠯᠬᠤ ᠴᠢᠬᠤᠯᠠ ᠶᠡᠭᠡ       ᠡᠭᠦᠷᠭᠡ ᠶᠢ ᠡᠭᠦᠷᠭᠡᠯᠡᠨ᠂ ᠨᠠᠮ ᠤᠨ ᠬᠠᠶᠢᠷ᠎ᠠ ᠬᠠᠯᠠᠮᠵᠢ ᠶᠢ ᠮᠠᠯᠴᠢᠨ  ᠲᠠᠷᠢᠶᠠᠴᠢᠨ  ᠪᠤᠯᠤᠨ ᠬᠢᠯᠢ ᠪᠠᠨ ᠰᠠᠬᠢᠵᠤ ᠪᠠᠶᠢᠭ᠎ᠠ ᠳᠠᠷᠤᠭ᠎ᠠ ᠪᠠᠶᠢᠯᠳᠤᠭᠴᠢᠳ ᠤᠨ ᠳᠡᠷᠭᠡᠳᠡ ᠬᠦᠷᠭᠡᠵᠦ᠂ ᠦᠵᠡᠯ ᠰᠠᠨᠠᠭᠠᠴᠢ ᠴᠢᠨᠠᠷ ᠲᠠᠢ᠂ ᠤᠷᠠᠯᠢᠭᠳᠤ ᠴᠢᠨᠠᠷᠲᠠᠢ᠂ ᠴᠠᠭ ᠦᠶ᠎ᠡ ᠶᠢᠨ ᠤᠳᠬ᠎ᠠ ᠤᠷᠠᠯᠢᠭ ᠤᠨ ᠪᠦᠲᠦᠭᠡᠯ  ᠎ ᠢᠶᠠᠨ ᠤᠯᠠᠨ ᠲᠦᠮᠡᠨ ᠳᠤ  ᠬᠥᠷᠭᠡᠬᠡᠵᠤ  ᠂ ᠦᠨᠳᠦᠰᠦᠲᠡᠨ ᠤ ᠪᠦᠯᠬᠦᠮᠳᠡᠯ ᠢ  ᠴᠢᠩᠭᠠᠳᠬᠠᠵᠤ᠂ ᠡᠶ᠎ᠡ ᠵᠤᠬᠢᠴᠠᠯ ᠲᠠᠢ ᠨᠡᠶᠢᠬᠡᠮ ᠢ ᠪᠠᠶᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠬᠦᠯᠦᠨ᠎ᠡ᠃      ᠤᠯᠠᠭᠠᠨᠮᠦ᠋ᠴᠢᠷ ᠤᠨ ᠨᠠᠮ ᠤᠨ ᠡᠭᠦᠷ ᠤᠨ ᠱᠦᠵᠢ᠂ ᠤᠯᠠᠭᠠᠨᠮᠦ᠋ᠴᠢᠷ ᠤᠨ ᠳᠠᠷᠤᠭ᠎ᠠ ᠳᠠᠯᠠᠨᠲᠠᠢ ᠠᠴᠠ ᠮᠠᠨ ᠤ ᠤᠯᠠᠭᠠᠨᠮᠦᠴᠢᠷ ᠨᠢ ᠵᠢᠯ ᠪᠤᠯᠭᠠᠨ ᠶᠡᠭᠡ ᠤᠯᠠᠨ ᠣᠳᠠᠭ᠎ᠠ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠭᠯᠠᠯᠲᠠ ᠭᠠᠷᠭᠠᠳᠠᠭ᠂ ᠮᠠᠨ ᠤ ᠡᠮᠡᠭᠲᠡᠢ ᠲᠤᠭᠯᠠᠭᠴᠢᠳ ᠶᠠᠭᠠᠬᠢᠵᠤ ᠠᠵᠢᠯᠯᠠᠭᠰᠠᠨ ᠴᠣ᠋ ᠶᠠᠳᠠᠷᠠᠵᠤ ᠵᠦᠳᠡᠷᠡᠯ᠎ᠡ ᠬᠡᠵᠦ ᠶᠠᠷᠢᠳᠠᠭ ᠦᠭᠡᠢ᠂ ᠠᠵᠢᠯ ᠤᠨ ᠬᠠᠮᠤᠭ ᠲᠡᠷᠢᠭᠦᠨ ᠳᠤ ᠭᠠᠪᠰᠢᠭᠠᠶᠢᠯᠠᠨ ᠠᠵᠢᠯᠯᠠᠵᠤ ᠪᠠᠶᠢᠳᠠᠭ᠂ ᠥᠨᠡᠭᠡᠷ ᠮᠠᠨ ᠤ ᠤᠯᠠᠭᠠᠨᠮᠦ᠋ᠴᠢᠷ ᠤᠨ ᠣᠮᠣᠭᠰᠢᠯ ᠰᠢᠤ ᠭᠡᠪᠡ᠃      2019 ᠤᠨ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠡᠭᠲᠡᠶᠢᠴᠤᠳ ᠤᠨ       ᠬᠤᠯᠪᠤᠭ᠎ᠠ ᠠᠴᠠ ᠮᠠᠨ ᠤ ᠬᠤᠰᠢᠭᠤᠨ ᠤ ᠤᠯᠠᠭᠠᠨᠮᠦ᠋ᠴᠢᠷ ᠤᠨ ᠪᠦᠵᠢᠭ ᠤᠨ ᠠᠩᠭᠢ ᠳᠤ  ︽3.8᠎ ᠤ ᠤᠯᠠᠭᠠᠨ ᠲᠤᠭᠴᠢ︾ ᠭᠡᠰᠡᠨ ᠢᠷᠡᠭᠤ ᠠᠯᠳᠠᠷ ᠢ ᠤᠯᠭᠤᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号