3 ᠳ᠋ᠤᠭᠠᠷ ᠰᠠᠷ᠎ᠠ ᠶᠢᠨ 15 ᠤ ᠡᠳᠤᠷ᠂ ᠪᠦᠬᠦ ᠬᠤᠰᠢᠭᠤᠨ ᠤ ᠠᠮᠤ ᠪᠤᠳᠠᠭᠠᠨ ᠤ ᠠᠮᠤᠷ ᠲᠦᠪᠰᠢᠨ ᠤ | ᠲᠤᠰᠬᠠᠢ ᠰᠡᠳᠤᠪᠳᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ | ᠲᠠᠷᠤᠭ᠎ᠠ ᠪᠦᠬᠡ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ | ᠡᠷᠬᠢᠯᠡᠭᠴᠢ ᠵᠠᠩ ᠱᠦ ᠰᠢᠶᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ | ᠲᠡᠳ᠋ ᠲᠠᠷᠤᠭ᠎ᠠ ᠪᠤᠣ ᠲᠠᠯ᠎ᠠ ᠵᠢᠴᠢ ᠪᠦᠬᠦ ᠬᠤᠰᠢᠭᠤᠨ ᠤ ᠠᠮᠤ ᠪᠤᠳᠠᠭᠠᠨ ᠤ ᠬᠠᠮᠢᠶᠠᠲᠠᠢ ᠨᠢᠭᠡᠴᠡ ᠶᠢᠨ ᠭᠤᠤᠯ | ᠬᠠᠷᠢᠭᠤᠴᠠᠯᠭᠠᠳᠠᠨ ᠨᠠᠷ ᠬᠤᠷᠠᠯ ᠳᠤ ᠤᠷᠤᠯᠴᠠᠵᠡᠢ᠃ | ᠬᠤᠷᠠᠯ ᠳᠡᠭᠡᠷ᠎ᠡ ᠪᠦᠬᠡ ᠵᠢᠭᠠᠵᠤ ᠭᠠᠷᠭᠠᠬᠤ ᠳᠠᠭᠠᠨ᠄ ᠪᠦᠬᠦ ᠬᠤᠰᠢᠭᠤ ᠪᠠᠷ ᠢᠶᠠᠨ ᠡᠷᠬᠡᠪᠰᠢ ᠪᠠᠶᠢᠳᠠᠯ ᠢ | ᠤᠨᠤᠪᠴᠢᠲᠠᠢ ᠡᠵᠡᠮᠳᠡᠵᠤ᠂ ᠤᠯᠤᠰ ᠤᠨ ᠶᠡᠷᠤᠩᠭᠡᠢ ᠠᠮᠤᠷ ᠲᠦᠪᠰᠢᠨ ᠤ ᠦᠵᠡᠯᠳᠡ ᠶᠢ ᠪᠤᠢ ᠪᠤᠯᠭᠠᠨ᠂ ᠰᠢ ᠶᠢᠨ | ᠫᠢᠩ ᠶᠡᠷᠤᠩᠭᠡᠢ ᠱᠦᠵᠢ ᠶᠢᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠦᠭᠦᠯᠡᠯᠳᠡ ᠶᠢ ᠭᠦᠨᠵᠡᠭᠡᠢ | ᠰᠤᠷᠤᠯᠴᠠᠨ ᠲᠤᠤᠱᠯᠠᠭᠤᠯᠬᠤ ᠶᠢᠨ ᠬᠠᠮᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ | ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠰᠠᠶᠢᠳᠤᠷ ᠡᠭᠦᠷᠭᠡᠯᠡᠨ᠂ ᠭᠤᠤᠯᠳᠠᠯᠭ᠎ᠠ ᠲᠠᠢ ᠠᠵᠢᠯ ᠢ | ᠪᠤᠳᠠᠳᠠᠢ ᠠᠳᠬᠤᠵᠤ᠂ ᠲᠤᠳᠠᠭᠳᠠᠯ ᠲᠠᠢ ᠲᠠᠯ᠎ᠠ ᠪᠠᠨ ᠢᠳᠡᠪᠬᠢᠲᠠᠢ ᠨᠦᠬᠦᠪᠦᠷᠢᠯᠡᠨ᠂ ᠠᠮᠤ ᠪᠤᠳᠠᠭᠠᠨ ᠤ ᠠᠮᠤᠷ | ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠬᠦ ᠬᠡᠷᠡᠭᠲᠠᠢ | ᠭᠡᠪᠡ᠃ | ᠪᠦᠬᠡ ᠴᠢᠬᠤᠯᠠᠴᠢᠯᠠᠬᠤ ᠳᠠᠭᠠᠨ᠄ ᠡᠷᠬᠡᠪᠰᠢ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠰᠠᠶᠢᠳᠤᠷ | ᠬᠢᠬᠦ ᠬᠠᠷᠢᠭᠤᠴᠠᠯᠭᠠᠳᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠠᠮᠤ ᠪᠤᠳᠠᠭᠠᠨ ᠤ | ᠠᠵᠢᠯ ᠤᠨ ᠲᠤᠮᠳᠠ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠰᠤᠳᠤᠯᠤᠨ᠂ ᠢᠳᠡᠪᠬᠢ ᠠᠷᠭ᠎ᠠ | ᠬᠡᠮᠵᠢᠶ᠎ᠡ ᠠᠪᠴᠤ᠂ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠰᠠᠶᠢᠳᠤᠷ ᠪᠡᠶᠡᠯᠡᠬᠦᠯᠬᠦ ᠬᠡᠷᠡᠭᠲᠠᠢ᠃ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠬᠢᠨ ᠡᠷᠬᠡᠪᠰᠢ ᠠᠮᠤ ᠪᠤᠳᠠᠭᠠᠨ ᠤ ᠠᠵᠢᠯ ᠤᠨ ᠤᠳᠤᠷᠢᠳᠤᠯᠭ᠎ᠠ ᠪᠠᠨ ᠥᠨᠡᠨᠬᠦ | ᠴᠢᠩᠭᠠᠳᠬᠠᠵᠤ᠂ ᠠᠮᠤ ᠪᠤᠳᠠᠭᠠᠨ ᠤ ᠭᠦᠢᠯᠭᠡᠭᠡ᠂ ᠨᠦᠭᠡᠴᠡᠯᠡᠯᠳᠡ ᠵᠡᠷᠭᠡ ᠬᠤᠷᠸ᠎ᠠ ᠲᠤᠬᠢᠷᠠᠭᠤᠯᠤᠯᠳᠠ ᠶᠢᠨ ᠠᠵᠢᠯ ᠢ | ᠰᠠᠶᠢᠳᠤᠷ ᠬᠢᠬᠦ ᠪᠠᠷ ᠪᠠᠷᠠᠬᠤ ᠦᠭᠡᠢ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠶᠡᠬᠡᠪᠡᠷ ᠲᠦᠯᠬᠢᠨ ᠠᠬᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠭᠤᠤᠯᠯᠠᠬᠤ ᠮᠡᠷᠭᠡᠵᠢᠯ ᠢ ᠲᠦᠪᠯᠡᠷᠡᠩᠭᠦᠢ ᠰᠢᠢᠳᠪᠤᠷᠢᠯᠡᠬᠦ ᠬᠡᠷᠡᠭᠲᠠᠢ᠃ ᠤᠷᠤᠨ | ᠨᠤᠳᠤᠭ ᠤᠨ ᠠᠮᠤ ᠪᠤᠳᠠᠭᠠᠨ ᠤ ᠨᠦᠬᠡᠴᠡ ᠶᠢᠨ ᠲᠦᠷᠢᠮ ᠢ ᠪᠦᠳᠦᠮᠵᠢᠲᠠᠢ ᠪᠠᠶᠢᠭᠤᠯᠤᠨ ᠲᠡᠭᠦᠯᠳᠡᠷᠵᠢᠬᠦᠯᠵᠤ᠂ ᠠᠮᠤ | ᠪᠤᠳᠠᠭᠠᠨ ᠤ ᠬᠠᠮᠢᠶᠠᠷᠤᠯᠳᠠ ᠶᠢ ᠴᠢᠩᠭᠠᠳᠬᠠᠨ᠂ ᠠᠮᠤ ᠪᠤᠳᠠᠭᠠᠨ ᠤ ᠨᠦᠭᠡᠴᠡ ᠶᠢᠨ ᠲᠤᠭ᠎ᠠ ᠬᠡᠮᠵᠢᠶ᠎ᠡ ᠦᠨᠡᠨ | ᠪᠤᠳᠠᠳᠠᠢ᠂ ᠴᠢᠨᠠᠷ ᠴᠢᠨᠰᠠᠭ᠎ᠠ ᠪᠠᠷ ᠰᠠᠶᠢᠨ ᠪᠠᠶᠢᠬᠤ ᠶᠢ ᠪᠠᠳᠤᠯᠠᠬᠤ ᠬᠡᠷᠡᠭᠲᠠᠢ ᠭᠡᠯᠡ᠃ | ᠪᠦᠬᠡ ᠪᠠᠰᠠ ᠴᠢᠬᠤᠯᠠᠴᠢᠯᠠᠬᠤ ᠳᠠᠭᠠᠨ᠄ ᠠᠮᠤ ᠪᠤᠳᠠᠭᠠᠨ ᠤ ᠪᠠᠶᠢᠳᠠᠯ ᠢ ᠬᠢᠨᠠᠨ ᠬᠡᠮᠵᠢᠬᠦ ᠪᠠ ᠠᠮᠤ | ᠪᠤᠳᠠᠭᠠᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠲᠤᠭᠳᠠᠴᠠ ᠶᠢ ᠪᠠᠶᠢᠭᠤᠯᠵᠤ᠂ ᠠᠮᠤ | ᠪᠤᠳᠠᠭᠠᠨ ᠤ ᠵᠠᠬ᠎ᠠ ᠲᠡᠯᠭᠡᠭᠦᠷ ᠤᠨ ᠬᠠᠮᠢᠶᠠᠷᠤᠯᠳᠠ ᠶᠢ ᠲᠦᠷᠢᠮᠵᠢᠬᠦᠯᠬᠦ ᠶᠢᠨ ᠬᠠᠮᠳᠤ ᠠᠮᠤ ᠪᠤᠳᠠᠭᠠᠨ ᠤ ᠶᠠᠰᠤ | ᠴᠢᠨᠠᠷ ᠢ ᠪᠠᠳᠤᠯᠠᠬᠤ ᠬᠡᠷᠡᠭᠲᠠᠢ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠠᠮᠤ ᠪᠤᠳᠠᠭᠠᠨ ᠤ ᠠᠮᠤᠷ | ᠲᠦᠪᠰᠢᠨ ᠤ ᠤᠬᠠᠭᠤᠯᠭ᠎ᠠ ᠶᠢᠨ ᠠᠵᠢᠯ ᠢ ᠰᠠᠶᠢᠳᠤᠷ ᠦᠷᠨᠢᠬᠦᠯᠵᠤ᠂ ᠤᠯᠠᠨ ᠲᠦᠮᠡᠨ ᠤ ᠠᠮᠤ ᠪᠤᠳᠠᠭ᠎ᠠ ᠶᠢ | ᠬᠠᠶᠢᠷᠠᠯᠠᠵᠤ ᠠᠷᠪᠢᠯᠠᠬᠤ ᠦᠵᠡᠯ ᠤᠬᠠᠮᠰᠠᠷ ᠢ ᠨᠢ ᠥᠨᠡᠨᠬᠦ ᠲᠡᠭᠡᠭᠰᠢᠯᠡᠬᠦᠯᠦᠨ᠂ ᠰᠠᠶᠢᠨ ᠰᠠᠶᠢᠬᠠᠨ ᠬᠡᠪ ᠰᠤᠷᠳᠠᠯ ᠲᠠᠢ | ᠪᠤᠯᠭᠠᠬᠤ ᠬᠡᠷᠡᠭᠲᠠᠢ᠃ ᠡᠬᠦᠨ ᠤ ᠵᠡᠷᠭᠡᠪᠡᠷ ᠪᠠᠰᠠ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠠᠮᠤ | ᠪᠤᠳᠠᠭᠠᠨ ᠤ ᠠᠮᠤᠷ ᠲᠦᠪᠰᠢᠨ ᠤ ᠠᠵᠢᠯ ᠰᠢᠨ᠎ᠡ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠲᠠᠢ᠃ ᠡᠯ᠎ᠡ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠬᠤᠰᠢᠭᠤᠨ ᠤ ᠠᠮᠤ ᠪᠤᠳᠠᠭ᠎ᠠ ᠬᠤᠳᠠᠯᠳᠤᠨ ᠠᠪᠬᠤ ᠪᠠ ᠪᠤᠷᠤᠯᠠᠭᠤᠯᠬᠤ | ᠬᠦᠷᠢᠶᠡᠨ ᠳᠠᠬᠢ ᠢᠯᠵᠢᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠳᠤ ᠢᠯᠡᠷᠡᠭᠦᠯᠦᠭᠰᠡᠨ ᠠᠰᠠᠭᠤᠳᠠᠯ ᠪᠠ | ᠦᠪᠡᠷᠳᠡᠭᠡᠨ ᠪᠠᠶᠢᠴᠠᠭᠠᠨ ᠵᠠᠯᠠᠷᠠᠭᠤᠯᠬᠤ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠬᠦᠯᠦᠨ᠂ ᠨᠢᠭᠡᠳ ᠨᠢᠭᠡ ᠪᠠᠷ | ᠨᠠᠶᠢᠳᠠᠪᠤᠷᠵᠢᠭᠤᠯᠬᠤ ᠶᠢ ᠰᠠᠶᠢᠳᠤᠷ ᠠᠳᠬᠤᠵᠤ᠂ ᠲᠤᠰᠬᠠᠢ ᠲᠥᠷᠥᠯ ᠤᠨ ᠴᠡᠭᠴᠡᠯᠡᠨ ᠵᠠᠰᠠᠯᠲᠠ ᠶᠢᠨ ᠣᠷᠳᠦ | ᠬᠤᠭᠤᠴᠠᠭᠠᠨ ᠤ ᠦᠷ᠎ᠡ ᠪᠦᠳᠦᠮᠵᠢᠲᠦ ᠶᠢ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠪᠠᠳᠤᠯᠭᠠᠨ ᠤ | ᠰᠠᠭᠤᠷᠢ ᠶᠢ ᠲᠠᠰᠤᠷᠠᠯᠳᠠ ᠦᠭᠡᠢ ᠪᠠᠬᠢᠵᠢᠬᠦᠯᠦᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠳᠤᠯᠠᠬᠤ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠭᠦ ᠬᠡᠷᠡᠭᠲᠠᠢ ᠭᠡᠪᠡ ᠃ | |