ᠡᠵᠡᠨ᠎ᠡ ᠬᠤᠰᠢᠭᠤ ᠬᠠᠪᠣᠷ ᠤᠨ ᠣᠯᠠᠷᠢᠯ ᠤᠨ ᠤᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2022/3/23
     ᠪᠦᠬᠦ ᠬᠤᠰᠢᠭᠤᠨ ᠤ ᠤᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠳᠤᠷ ᠠᠳᠬᠤᠵᠤ᠂ ᠭᠠᠯ ᠤᠨ ᠠᠶᠤᠯ ᠡᠭᠦᠰᠬᠦ ᠶᠢ ᠡᠷᠡᠰ ᠬᠤᠷᠢᠭᠯᠠᠬᠤ ᠶᠢᠨ ᠲᠤᠰᠠᠳᠠ᠂ ᠡᠵᠡᠨ᠎ᠡ ᠬᠤᠰᠢᠭᠤ ᠡᠳᠤᠷ ᠲᠤᠳᠤᠮ ᠤᠨ ᠲᠤᠭᠤᠷᠢᠨ ᠪᠠᠶᠢᠴᠠᠭᠠᠬᠤ ᠬᠦᠴᠦᠯᠡᠴᠡ ᠪᠠᠨ ᠨᠡᠮᠡᠭᠲᠡᠭᠦᠯᠥᠨ ᠤᠢ ᠰᠢᠭᠤᠢ ᠨᠤᠳᠤᠭ ᠪᠡᠯᠴᠢᠭᠡᠷ ᠤᠨ       ᠭᠠᠯ ᠢ ᠰᠡᠷᠭᠡᠶᠢᠯᠡᠬᠦ ᠤᠬᠠᠭᠤᠯᠭ᠎ᠠ ᠬᠦᠮᠦᠵᠢᠯ ᠤᠨ ᠠᠵᠢᠯ ᠢ ᠢᠳᠡᠪᠬᠢᠲᠡᠢ ᠬᠢᠵᠤ᠂ ᠤᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠥᠨᠡᠨᠬᠦ ᠴᠢᠩᠭᠠᠳᠬᠠᠵᠤ ᠪᠠᠶᠢᠨ᠎ᠠ᠃      ᠲᠡᠭᠷᠢ ᠠᠭᠠᠵᠢᠮ ᠢᠶᠠᠷ ᠲᠤᠯᠠᠭᠠᠷᠠᠬᠤ ᠶᠢ ᠲᠠᠭᠠᠯᠳᠤᠨ᠂ ᠡᠯ᠎ᠡ ᠵᠦᠢᠯ ᠤᠨ ᠭᠠᠯ ᠤᠨ ᠠᠶᠤᠯ ᠡᠭᠦᠰᠬᠦ ᠨᠤᠷᠮ᠎ᠠ ᠶᠡᠬᠡᠳᠴᠤ᠂ ᠡᠵᠡᠨ᠎ᠡ ᠬᠤᠰᠢᠭᠤᠨ ᠤ ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠵᠠᠩᠭᠢᠯᠠᠭ᠎ᠠ ᠶᠢᠨ ᠬᠤᠭᠤᠴᠠᠭᠠᠨ ᠳᠤ ᠤᠷᠤᠭᠰᠠᠨ ᠪᠠᠶᠢᠨ᠎ᠠ᠃ ᠡᠨᠡᠬᠦ ᠪᠠᠶᠢᠳᠠᠯ ᠳᠤ ᠴᠢᠭᠯᠡᠬᠦᠯᠦᠨ᠂ ᠬᠤᠰᠢᠭᠤᠨ ᠤ ᠤᠢ ᠰᠢᠭᠤᠢ ᠶᠢᠨ ᠭᠠᠯ ᠢ ᠰᠡᠷᠭᠡᠶᠢᠯᠡᠬᠦ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠤᠢ       ᠰᠢᠭᠤᠢ ᠶᠢᠨ ᠭᠠᠯ ᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠵᠤ᠂ ᠭᠤᠤᠯᠳᠠᠯᠭ᠎ᠠ ᠲᠠᠢ ᠭᠠᠵᠠᠷ ᠤᠷᠤᠨ ᠤ ᠮᠦᠷᠳᠡᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠨ᠂ ᠬᠡᠬᠡᠷ᠎ᠡ ᠭᠠᠳᠠᠨ᠎ᠠ ᠭᠠᠯ ᠭᠠᠷᠭᠠᠬᠤ ᠶᠢ ᠴᠠᠭᠠᠵᠠᠯᠠᠵᠤ᠂ ᠤᠶᠢᠳᠤ ᠤᠷᠤᠨ ᠤ ᠭᠠᠯ ᠤᠨ ᠠᠶᠤᠯ ᠢ ᠪᠦᠬᠦ ᠲᠠᠯ᠎ᠠ ᠪᠠᠷ ᠰᠡᠷᠭᠡᠶᠢᠯᠡᠵᠤ ᠪᠠᠶᠢᠨ᠎ᠠ᠃      ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶᠠᠨ ᠤ ᠠᠵᠢᠯᠳᠠᠳ ᠪᠠᠰᠠ ᠰᠦᠯᠵᠢᠶ᠎ᠡ ᠪᠠ ᠠᠬᠤᠢ ᠲᠠᠯᠠᠪᠠᠢ ᠶᠢᠨ ᠬᠡᠯᠪᠡᠷᠢ ᠪᠠᠷ᠂  ᠮᠠᠯᠴᠢᠨ ᠲᠠᠷᠢᠶᠠᠴᠢᠳ ᠤᠨ ᠡᠷᠤᠬᠡ ᠪᠠᠷ ᠭᠦᠨᠵᠡᠭᠡᠶᠢᠷᠡᠵᠤ ᠭᠠᠯ ᠢ ᠰᠡᠷᠬᠡᠶᠢᠯᠡᠬᠦ ᠬᠠᠮᠢᠶᠠᠲᠠᠢ ᠤᠬᠠᠭᠤᠯᠭ᠎ᠠ ᠶᠢᠨ ᠠᠵᠢᠯᠯᠠᠭ᠎ᠠ ᠶᠢ ᠶᠠᠪᠤᠭᠳᠠᠭᠤᠯᠤᠭᠰᠠᠨ ᠢᠶᠠᠷ ᠪᠠᠷᠠᠬᠤ ᠦᠭᠡᠢ ᠪᠠᠰᠠ ᠤᠬᠤᠷ ᠮᠡᠳᠡᠭᠡ᠂  ᠸᠢᠴᠠᠲ᠂ ᠤᠯᠠᠨ ᠨᠡᠶᠢᠡ ᠶᠢᠨ ᠲᠠᠪᠴᠠᠩ ᠵᠡᠷᠭᠡ ᠰᠢᠨ᠎ᠡ ᠵᠠᠭᠤᠴᠢᠯᠠᠭᠤᠷ ᠢᠶᠠᠨ ᠲᠠᠮᠵᠢᠨ᠂ ︽ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠢ ᠰᠢᠭᠤᠢ  ᠨᠤᠳᠤᠭ ᠪᠡᠯᠴᠢᠭᠡᠷ ᠤᠨ ᠭᠠᠯ ᠰᠡᠷᠭᠡᠶᠢᠯᠡᠯᠳᠡ ᠶᠢᠨ ᠵᠠᠷᠯᠢᠭ︾᠎ ᠢ ᠨᠡᠶᠢᠳᠡᠯᠡᠵᠤ᠂ ᠤᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠠᠮᠢᠶᠠᠲᠢ ᠮᠡᠳᠡᠯᠭᠡ ᠶᠢ ᠤᠯᠠᠨ ᠳᠤ ᠤᠬᠠᠭᠤᠯᠤᠨ᠂ ᠪᠦᠬᠦ ᠠᠷᠠᠳ ᠤᠨ ᠭᠠᠯ ᠢ ᠰᠡᠷᠭᠡᠶᠢᠯᠡᠬᠦ ᠣᠬᠠᠮᠰᠠᠷ ᠢ ᠲᠡᠭᠡᠭᠰᠢᠯᠡᠬᠦᠯᠦᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶᠠᠨ ᠤ ᠬᠢᠨᠢ ᠤᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠤᠢ ᠰᠢᠭᠤᠢ ᠨᠤᠳᠤᠭ ᠪᠡᠯᠴᠢᠭᠡᠷ ᠲᠦᠪᠯᠡᠷᠡᠭᠰᠡᠨ ᠤᠷᠤᠨ ᠪᠦᠰᠡ ᠶᠢᠨ ᠬᠠᠷᠠᠭᠠᠨ ᠲᠠᠪᠳᠠᠮᠵᠢ ᠪᠠᠷ ᠬᠢᠨᠠᠨ ᠡᠵᠡᠮᠳᠡᠬᠦ ᠶᠢ ᠨᠡᠶᠢᠳᠡᠮ ᠬᠡᠷᠡᠭᠵᠢᠬᠦᠯᠦᠨ᠂ ᠡᠵᠡᠨ᠎ᠡ ᠬᠤᠰᠢᠭᠤᠨ ᠤ ᠤᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ       ᠲᠦᠭᠦᠭᠡᠷᠤᠮᠵᠢ ᠶᠢᠨ ᠲᠦᠷᠢᠮᠵᠢᠬᠦᠯᠦᠯᠳᠡ᠂ ᠤᠶᠤᠨᠴᠢᠯᠠᠯᠳᠠ ᠪᠠ ᠰᠢᠨᠵᠢᠯᠡᠬᠦ ᠤᠬᠠᠭᠠᠨᠴᠢ ᠪᠦᠳᠦᠭᠡᠨ       ᠪᠠᠶᠢᠭᠤᠯᠤᠯᠳᠠ ᠶᠢ ᠠᠬᠢᠭᠤᠯᠵᠤ᠂ ᠤᠢ ᠰᠢᠭᠤᠢ ᠨᠤᠳᠤᠭ ᠪᠡᠯᠴᠢᠭᠡᠷ ᠤᠨ ᠭᠠᠯ ᠤᠨ ᠠᠶᠤᠯ ᠭᠠᠷᠬᠤ ᠶᠢ       ᠰᠡᠷᠭᠡᠶᠢᠯᠡᠨ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号