ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠪᠠᠬᠢᠵᠢᠬᠦᠯᠬᠦ ᠶᠢᠨ ᠳᠣᠰᠠᠳᠠ᠂ ᠡᠵᠡᠨ᠎ᠡ ᠬᠤᠰᠢᠭᠤ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠳᠢᠳᠢᠮᠯᠢᠭ ᠠᠭᠤᠰᠬᠢᠨ ᠥᠷᠪᠢᠰᠦᠯ ᠤᠨ ᠸᠠᠺᠼᠢᠨ ᠤ | ᠲᠠᠷᠢᠯᠭ᠎ᠠ ᠶᠢᠨ ᠠᠵᠢᠯ ᠢ ᠲᠥᠷᠭᠡᠳᠬᠡᠵᠤ ᠪᠠᠶᠢᠨ᠎ᠠ᠃ | ᠸᠠᠺᠼᠢᠨ ᠤ ᠲᠠᠷᠢᠯᠭ᠎ᠠ ᠶᠢᠨ ᠠᠬᠤᠢ ᠳᠠᠯᠠᠪᠠᠢ ᠳᠤ᠂ ᠡᠮᠨᠡᠯᠭᠡ ᠶᠢᠨ ᠠᠵᠢᠯᠲᠠᠳ ᠠᠴᠠ ᠨᠠᠰᠤᠳᠠᠶᠢᠴᠦᠳ ᠤᠨ | ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠳᠠᠩᠰᠠᠯᠠᠬᠤ᠂ ᠲᠠᠷᠢᠯᠭ᠎ᠠ ᠳᠠᠷᠢᠬᠤ᠂ ᠦᠯᠡᠳᠡᠭᠡᠨ ᠠᠵᠢᠭᠯᠠᠬᠤ | ᠵᠡᠷᠭᠡ ᠲᠠᠰ ᠳᠠᠷᠠᠭᠠᠯᠠᠯ ᠢᠶᠠᠷ ᠲᠠᠷᠢᠯᠭ᠎ᠠ ᠶᠢᠨ ᠠᠵᠢᠯ ᠢ ᠡᠮᠬᠢ ᠴᠡᠭᠴᠡ ᠲᠠᠢ ᠶᠠᠪᠣᠭᠳᠠᠭᠤᠯᠬᠤ ᠶᠢᠨ ᠬᠠᠮᠳᠤ ᠠᠬᠤᠢ | ᠳᠠᠯᠠᠪᠠᠢ ᠳᠤ ᠪᠠᠰᠠ ᠨᠠᠰᠤᠲᠠᠶᠢᠴᠤᠳ ᠤᠨ ᠴᠢᠰᠤᠨ ᠳᠠᠷᠤᠯᠲᠠ ᠶᠢ ᠪᠠᠶᠢᠴᠠᠭᠠᠵᠤ᠂ ᠨᠠᠰᠤᠲᠠᠶᠢᠴᠤᠳ ᠤᠨ ᠰᠡᠳᠬᠢᠯ ᠢ | ᠲᠠᠶᠢᠪᠤᠰᠢᠷᠠᠭᠤᠯᠵᠤ ᠪᠠᠶᠢᠯ᠎ᠠ᠃ | ᠣᠶᠢᠯᠠᠭᠠᠭᠰᠠᠨ ᠢᠶᠠᠷ᠂ 2021 ᠣᠨ ᠤ 1 ᠳ᠋ᠤᠭᠠᠷ ᠰᠠᠷ᠎ᠠ ᠶᠢᠨ 1 ᠠᠴᠠ ᠣᠲᠣ ᠪᠣᠯᠲᠠᠯ᠎ᠠ᠂ ᠨᠡᠶᠢᠲᠡ | 78987 ᠲᠠᠷᠢᠯᠭ᠎ᠠ ᠳᠠᠷᠢᠵᠠᠢ᠃ ᠡᠭᠦᠨ ᠳᠤ ᠨᠢᠭᠡᠳᠦᠭᠡᠷ ᠲᠠᠷᠢᠯᠭ᠎ᠠ 31577 ᠬᠦᠮᠦᠨ᠂ ᠬᠤᠶᠠᠳᠤᠭᠠᠷ ᠲᠠᠷᠢᠯᠭ᠎ᠠ | 32598 ᠬᠦᠮᠦᠨ᠂ ᠭᠤᠷᠪᠠᠳᠤᠭᠠᠷ ᠲᠠᠷᠢᠯᠭ᠎ᠠ 14812 ᠬᠦᠮᠦᠨ ᠲᠠᠷᠢᠯᠭ᠎ᠠ ᠳᠠᠷᠢᠭᠰᠠᠨ ᠪᠠᠶᠢᠨ᠎ᠠ᠃ ᠸᠠᠺᠽᠢᠨ ᠤ | ᠳᠠᠷᠢᠯᠭ᠎ᠠ ᠶᠢᠨ ᠨᠦᠭᠦᠴᠡᠯ ᠳᠤ ᠨᠠᠶᠢᠴᠡᠭᠰᠡᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 4425 ᠪᠠᠶᠢᠵᠦ᠂ | ᠡᠬᠦᠨ ᠳᠤ ᠨᠢᠭᠡᠨᠲᠡ 3205 ᠨᠠᠰᠤᠲᠠᠶᠢᠴᠤᠳ ᠨᠢᠭᠡᠳᠦᠭᠡᠷ ᠲᠠᠷᠢᠯᠭ᠎ᠠ ᠪᠠᠨ ᠳᠠᠷᠢᠵᠦ᠂ ᠲᠠᠷᠢᠯᠭ᠎ᠠ ᠬᠢᠭᠰᠡᠨ | ᠨᠣᠷᠮ᠎ᠠ ᠨᠢ 72.4% ᠳᠤ ᠬᠦᠷᠴᠦ᠂ ᠬᠤᠶᠠᠳᠠᠭᠢ ᠲᠠᠷᠢᠯᠭ᠎ᠠ ᠬᠢᠯᠭᠡᠭᠰᠡᠨ ᠨᠠᠰᠤᠳᠠᠶᠢᠴᠤᠳ 3183 ᠪᠠᠶᠢᠵᠤ᠂ | ᠲᠠᠷᠢᠯᠭ᠎ᠠ ᠶᠢᠨ ᠨᠣᠷᠮ᠎ᠠ ᠨᠢ 72% ᠬᠦᠷᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡᠨ ᠤ ᠠᠵᠢᠯ ᠢ | ᠦᠷᠭᠦᠯᠵᠢᠯᠡᠨ ᠨᠠᠷᠢᠯᠢᠭ ᠪᠣᠳᠠᠲᠠᠶᠢᠵᠢᠭᠤᠯᠬᠤ ᠶᠢᠨ ᠬᠠᠮᠲᠤ ᠤᠬᠠᠭᠤᠯᠭ᠎ᠠ ᠪᠠ ᠳᠠᠶᠢᠴᠢᠯᠠᠯᠳᠠ ᠶᠢᠨ ᠬᠦᠴᠦᠯᠡᠴᠠ ᠪᠠᠨ | ᠴᠢᠩᠭᠠᠳᠬᠠᠵᠤ᠂ ᠵᠣᠬᠢᠬᠤ ᠨᠠᠰᠤᠨ ᠤ ᠬᠥᠮᠥᠰ ᠲᠤ ᠰᠢᠨ᠎ᠡ ᠳᠢᠳᠢᠮᠯᠢᠭ ᠠᠭᠤᠰᠬᠢᠨ ᠥᠷᠪᠢᠰᠦᠯ ᠤᠨ ᠸᠠᠺᠼᠢᠨ ᠤ | ᠲᠠᠷᠢᠯᠭ᠎ᠠ ᠬᠢᠬᠦ ᠶᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ᠂ ᠠᠷᠠᠳ ᠣᠯᠠᠨ ᠤ ᠠᠮᠢ ᠨᠠᠰᠤ ᠡᠷᠡᠭᠦᠯ | ᠮᠡᠨᠳᠦ ᠶᠢᠨ ᠠᠮᠤᠷ ᠲᠦᠪᠰᠢᠨ ᠢ ᠦᠨᠡᠨᠬᠦ ᠪᠠᠳᠤᠯᠠᠨ᠎ᠠ᠃ |