ᠡᠵᠡᠨ᠎ᠡ ᠬᠤᠰᠢᠭᠤᠨ ᠤ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠵᠥᠪᠯᠡᠯ ᠪᠠᠶᠢᠭᠤᠯᠬᠤ ᠲᠤᠬᠠᠢ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/3/24
   ᠡᠯ᠎ᠡ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ       ᠬᠠᠤᠯᠢ︾᠎ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠴᠢᠳᠠᠮᠵᠢ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠬᠠᠤᠯᠢ ᠶᠣᠰᠣᠭᠠᠷ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠤᠨ ᠤᠳᠤᠷᠢᠳᠬᠤ ᠪᠠᠶᠢᠭᠤᠯᠤᠯ ᠢ ᠲᠡᠭᠦᠯᠳᠡᠷᠵᠢᠭᠦᠯᠬᠦ ᠶᠢᠨ ᠲᠤᠰᠠᠳᠠ᠂ ᠠᠯᠠᠱᠠ ᠠᠶᠢᠮᠠᠭ ᠤᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠵᠥᠪᠯᠡᠯ ᠤᠨ ᠪᠦᠷᠢᠯᠳᠦᠭᠦᠨ ᠤ ᠪᠠᠶᠢᠳᠠᠯ ᠢᠶᠠᠷ ᠯᠠᠪᠯᠠᠯᠲᠠ ᠪᠣᠯᠭᠠᠨ ᠰᠤᠳᠤᠯᠬᠤ ᠪᠠᠷ ᠳᠠᠮᠵᠢᠵᠤ᠂ ᠡᠵᠡᠨ᠎ᠡ ᠬᠤᠰᠢᠭᠤᠨ ᠤ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠵᠥᠪᠯᠡᠯ ᠢ ᠪᠠᠶᠢᠭᠤᠯᠪᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂  ᠵᠥᠪᠯᠡᠯ ᠤᠨ ᠪᠦᠷᠢᠯᠳᠦᠭᠦᠨ    ᠡᠷᠬᠢᠯᠡᠭᠴᠢ᠄            ᠬᠥᠬᠡ      ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ    ᠳᠡᠳ᠋ ᠡᠷᠬᠢᠯᠡᠭᠴᠢ᠄      ᠳ᠋ᠦᠨ ᠶᠣᠣ ᠽᠧᠩ      ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ    ᠳ᠋ᠦ᠋ ᠵᠢᠶᠠᠨ ᠯᠢᠨ      ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ    ᠴᠧᠨ ᠸᠧᠢ ᠳ᠋ᠦᠩ      ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ    ᠬᠤᠸᠠᠩ ᠤᠶᠠᠩᠭ᠎ᠠ      ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ    ᠭᠡᠰᠢᠭᠦᠨ᠄              ᠼᠤᠤ ᠵᠢᠢ ᠬᠤᠩ      ᠬᠤᠰᠢᠭᠤᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ ᠡᠷᠬᠢᠯᠡᠭᠴᠢ    ᠳᠠᠶᠢᠴᠢᠨ      ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ    ᠯᠢ ᠵᠥᠩ ᠭᠤᠸᠠᠩ      ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ    ᠡᠷᠳᠡᠨᠢᠠ᠋ᠭᠤᠯᠠ      ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ    ᠹᠧᠩ ᠰᠢᠸ ᠴᠢᠩ      ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ    ᠯᠢ ᠰᠢᠶᠣᠣ ᠬᠤᠶ      ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ    ᠬᠠᠰᠭᠤᠸ᠎ᠠ      ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ    ᠱᠢ ᠲᠢᠩ      ᠬᠤᠰᠢᠭᠤᠨ ᠤ ᠵᠡᠮᠳᠡᠭᠴᠦᠳ ᠤᠨ ᠬᠤᠯᠪᠣᠭᠠᠨ ᠤ ᠬᠡᠷᠡᠭ ᠡᠷᠬᠢᠯᠡᠭᠴᠢᠳ ᠤᠨ ᠳᠠᠷᠤᠭ᠎ᠠ    ᠳ᠋ᠦ᠋ ᠱᠠ ᠱᠠ       ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠰᠢᠭᠤᠨ ᠤ ᠬᠤᠷᠢᠶᠠᠨ ᠤ ᠱᠦᠵᠢ    ᠳ᠋ᠥᠸᠧ ᠰᠢᠩ ᠰᠢᠩ      ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ    ᠨᠢᠦ ᠶᠦᠩ ᠮᠢᠩ      ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ    ᠰᠢᠨᠡᠴᠡᠴᠡᠭ      ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ    ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠵᠥᠪᠯᠡᠯ ᠤᠨ ᠠᠯᠪᠠᠨ ᠭᠡᠷ ᠢ ᠬᠤᠰᠢᠭᠤᠨ ᠬᠠᠤᠯᠢ ᠴᠠᠭᠠᠵᠠ ᠶᠢᠨ ᠲᠣᠪᠴᠢᠶᠠᠨ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠢᠨᠡᠴᠡᠴᠡᠭ ᠡᠭᠦᠷᠭᠡᠯᠡᠨ᠎ᠡ᠃    ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ    ︵ᠨᠢᠭᠡ︶ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠵᠥᠪᠯᠡᠯ ᠤᠨ ᠡᠭᠦᠷᠭᠡ ᠬᠠᠷᠢᠭᠤᠴᠠᠯᠭ᠎ᠠ᠄ ᠪᠥᠬᠦ ᠬᠤᠰᠢᠭᠤᠨ ᠤ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠤᠳᠤᠷᠢᠳᠤᠨ᠎ᠠ᠃ ᠨᠠᠮ ᠤᠨ ᠲᠥᠪ       ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠤᠯᠪᠣᠭᠳᠠᠯ ᠪᠦᠬᠦᠢ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠰᠯᠠᠭᠤᠯᠤᠨ᠂ ᠨᠡᠶᠢᠬᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠤᠨ ᠴᠢᠬᠤᠯᠠ ᠵᠦᠢᠯ ᠤᠳ ᠢ ᠰᠤᠳᠤᠯᠤᠨ ᠲᠣᠭᠲᠠᠭᠠᠨ᠎ᠠ᠃ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠴᠢᠬᠤᠯᠠ ᠶᠡᠭᠡ ᠲᠦᠷᠦ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠡᠯ᠎ᠡ ᠵᠠᠩᠭᠢᠯᠠᠭ᠎ᠠ ᠶᠢᠨ ᠠᠵᠢᠯ ᠢ ᠪᠠᠶᠢᠴᠠᠭᠠᠨ ᠵᠢᠯᠣᠭᠤᠳᠤᠨ᠎ᠠ;ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠳᠤ ᠬᠤᠯᠪᠣᠭᠳᠠᠭᠰᠠᠨ ᠴᠢᠬᠤᠯᠠ ᠶᠡᠭᠡ ᠤᠴᠢᠷ ᠶᠠᠪᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠰᠢᠢᠳᠪᠦᠷᠢᠯᠡᠨ᠎ᠡ᠃ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠵᠥᠪᠯᠡᠯ ᠤᠨ ᠠᠯᠪᠠᠨ ᠭᠡᠷ ᠤᠨ ᠠᠵᠢᠯ ᠢ ᠰᠢᠮᠳᠠᠭᠤᠯᠤᠨ ᠱᠠᠭᠠᠷᠳᠠᠨ᠎ᠠ᠃    ︵ᠬᠤᠶᠠᠷ︶ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠵᠥᠪᠯᠡᠯ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ᠄ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠮᠢᠶ᠎ᠠ ᠪᠦᠬᠦᠢ ᠠᠵᠢᠯ ᠤᠨ ᠪᠢᠴᠢᠭ ᠮᠠᠲ᠋ᠧᠷᠢᠶᠠᠯ ᠢ ᠲᠤᠭᠤᠷᠪᠢᠨ᠎ᠠ᠃ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠢ ᠠᠬᠢᠭᠤᠯᠬᠤ ᠶᠠᠪᠤᠴᠠ ᠳᠠᠬᠢ ᠲᠦᠭᠡᠮᠡᠯ ᠴᠢᠨᠠᠷᠲᠠᠢ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠ ᠰᠡᠷᠭᠡᠭ ᠴᠢᠨᠠᠷᠲᠠᠢ ᠠᠰᠠᠭᠤᠳᠠᠯ ᠢ ᠰᠤᠳᠤᠯᠵᠤ᠂ ᠪᠦᠲᠦᠭᠡᠯᠴᠢ ᠴᠢᠨᠠᠷᠲᠠᠢ ᠰᠠᠨᠠᠯ ᠳᠤᠷᠠᠳᠴᠤ᠂ ᠵᠥᠪᠯᠡᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠪᠣᠯᠭᠠᠨ᠎ᠠ᠃ ᠡᠯ᠎ᠡ ᠪᠦᠷᠢᠯᠳᠦᠭᠦᠨ ᠨᠢᠭᠡᠴᠡ ᠶᠢᠨ ᠬᠤᠭᠤᠷᠣᠨᠳᠤ ᠪᠠᠨ ᠵᠣᠬᠢᠴᠠᠭᠤᠯᠤᠨ ᠨᠡᠪᠲᠡᠷᠡᠯᠴᠡᠬᠦ ᠶᠢ ᠬᠠᠷᠢᠭᠤᠴᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠤᠨ ᠮᠡᠳᠡᠭᠡ ᠵᠠᠩᠭᠢ ᠶᠢ ᠨᠠᠶᠢᠷᠠᠭᠤᠯᠤᠨ ᠲᠠᠷᠬᠠᠭᠠᠵᠤ᠂ ᠪᠠᠶᠢᠳᠠᠯ ᠢ ᠨᠡᠪᠲᠡᠷᠡᠭᠦᠯᠦᠨ᠂ ᠲᠤᠷᠰᠢᠯᠭ᠎ᠠ ᠪᠠᠨ ᠳ᠋ᠦᠩᠨᠡᠵᠦ᠂ ᠬᠠᠮᠢᠶ᠎ᠠ ᠪᠦᠬᠦᠢ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠃ ᠨᠡᠶᠢᠭᠡᠮ ᠲᠣᠭᠤᠷᠢᠭ ᠤᠨ ᠵᠠᠯᠠᠷᠠᠭᠤᠯᠭ᠎ᠠ  ᠶᠢᠨ ᠡᠯ᠎ᠡ ᠵᠠᠩᠭᠢᠯᠠᠭ᠎ᠠ  ᠶᠢᠨ ᠠᠵᠢᠯ  ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠨᠢᠭᠡᠴᠡ  ᠶᠢᠨ ᠠᠵᠢᠯ  ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ       ᠪᠠᠶᠢᠴᠠᠭᠠᠨ᠎ᠠ᠃ ᠵᠦᠪᠯᠡᠯ ᠠᠴᠠ ᠲᠤᠰᠢᠶᠠᠨ ᠰᠢᠢᠳᠪᠦᠷᠢᠯᠡᠭᠦᠯᠦᠭᠰᠡᠨ ᠪᠤᠰᠤᠳ ᠠᠵᠢᠯ ᠢ ᠳᠠᠭᠠᠭᠠᠨ ᠰᠢᠢᠳᠪᠦᠷᠢᠯᠡᠨ᠎ᠡ᠃      ᠡᠭᠦᠨ ᠤ ᠲᠤᠯᠠ ᠮᠡᠳᠡᠭᠳᠡᠪᠡ᠃                                      2022 ᠣᠨ ᠤ 2 ᠳ᠋ᠤᠭᠠᠷ ᠰᠠᠷ᠎ᠠ ᠶᠢᠨ 17᠎ ᠤ ᠡᠳᠦᠷ
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号