ᠨᠢᠭᠡᠳᠦᠭᠡᠷ ᠤᠯᠠᠷᠢᠯ ᠳᠤ ᠡᠵᠡᠨ᠎ᠡ ᠬᠤᠰᠢᠭᠤᠨ ᠤ 40.74 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2022/3/25
     ᠨᠢᠭᠡᠳᠦᠭᠡᠷ ᠤᠯᠠᠷᠢᠯ ᠳᠤ᠂ ᠡᠵᠡᠨ᠎ᠡ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠡᠶᠢᠲᠡ 40.74 ᠲᠦᠮᠡᠨ ᠲᠥᠭᠦᠷᠢᠭ ᠤᠨ ᠨᠡᠶᠢᠭᠡᠮ ᠤᠨ ᠠᠰᠠᠷᠠᠮᠵᠢ ᠶᠢᠨ ᠪᠡᠯᠡ ᠮᠥᠩᠭᠦ ᠲᠠᠷᠬᠠᠭᠠᠵᠠᠢ᠃ ᠡᠭᠦᠨ ᠳᠤ᠂ ᠥᠨᠳᠥᠷ ᠨᠠᠰᠤᠳᠠᠶᠢᠴᠣᠳ ᠤᠨ ᠨᠥᠬᠦᠪᠦᠷᠢ 27.78 ᠲᠦᠮᠡᠨ ᠲᠥᠭᠦᠷᠢᠭ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ ᠶᠢᠨ ᠪᠡᠯᠡ ᠮᠥᠩᠭᠦ 5.89 ᠲᠦᠮᠡᠨ ᠲᠥᠭᠦᠷᠢᠭ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠠᠰᠠᠷᠠᠨ ᠲᠡᠵᠢᠭᠡᠬᠦ ᠪᠡᠯᠡ ᠮᠥᠩᠭᠦ 2.2 ᠲᠦᠮᠡᠨ ᠲᠥᠭᠦᠷᠢᠭ᠂ ︽ᠭᠤᠷᠪᠠᠨ       ᠠᠷᠠᠳ︾᠎ ᠤᠨ ᠨᠥᠬᠦᠪᠦᠷᠢ ᠶᠢᠨ ᠪᠡᠯᠡ ᠮᠥᠩᠭᠦ 4.8 ᠲᠦᠮᠡᠨ ᠲᠥᠭᠦᠷᠢᠭ᠂ ᠴᠣᠮᠠᠳᠬᠠᠯ ᠤᠨ ᠬᠡᠯᠪᠡᠷᠢ ᠪᠠᠷ ᠠᠮᠠᠷᠠᠯᠲᠠ ᠪᠠᠨ ᠠᠪᠤᠭᠰᠠᠳ ᠤᠨ ᠨᠥᠬᠦᠪᠦᠷᠢ ᠮᠥᠩᠭᠦ 0.07 ᠲᠦᠮᠡᠨ ᠲᠥᠭᠦᠷᠢᠭ ᠪᠠᠶᠢᠨ᠎ᠠ᠃ ᠣᠳᠣᠬᠠᠨ ᠳᠤ᠂ ᠡᠯ᠎ᠡ ᠲᠥᠷᠥᠯ ᠤᠨ ᠠᠰᠠᠷᠠᠮᠵᠢ ᠶᠢᠨ ᠪᠡᠯᠡ ᠮᠥᠩᠭᠦ ᠶᠢ ᠨᠢᠭᠡᠨᠲᠡ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠲᠦᠭᠡᠭᠡᠵᠦ ᠥᠭᠭᠦᠭᠰᠡᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号