ᠭᠠᠶᠢᠯᠢ ᠳᠤ ᠬᠤᠯᠪᠣᠭᠳᠠᠬᠤ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠶᠢᠨ ᠰᠠᠶᠢᠨ ᠲᠤᠷᠠᠴᠣᠳ ᠭᠠᠶᠢᠯᠢ ᠲᠤᠰᠢᠶᠠᠬᠤ ᠦᠢᠯᠡᠴᠢᠯᠡᠭᠡ ᠶᠢ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/3/28
     ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠦᠷᠭᠡᠨ ᠤᠯᠠᠨ ᠭᠠᠶᠢᠯᠢ ᠲᠤᠰᠢᠶᠠᠭᠴᠢ ᠳᠤ ᠨᠡᠩ ᠲᠦᠭᠦᠮ ᠦᠢᠯᠡᠴᠢᠯᠡᠭᠡ ᠬᠠᠩᠭᠠᠬᠤ ᠶᠢᠨ ᠲᠤᠰᠠᠳᠠ᠂ ᠭᠠᠶᠢᠯᠢ ᠳᠤ ᠬᠤᠯᠪᠤᠭᠳᠠᠬᠤ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠠᠶᠢᠨ ᠲᠤᠷᠠᠴᠣᠳ ᠤᠨ ᠦᠢᠯᠡᠴᠢᠯᠡᠭᠡᠨ ᠤ ᠪᠦᠯᠬᠦᠮ ᠢ ᠢᠳᠡᠪᠬᠢᠲᠡᠢ ᠵᠣᠬᠢᠶᠠᠨ ᠪᠠᠶᠢᠭᠤᠯᠵᠤ᠂ ᠰᠠᠶᠢᠨ ᠲᠤᠷᠠᠴᠣᠳ ᠤᠨ ᠳᠡᠮᠵᠢᠯᠭᠡ ᠪᠠᠷ ᠳᠠᠮᠵᠢᠨ᠂ ᠭᠠᠶᠢᠯᠢ ᠲᠤᠰᠢᠶᠠᠭᠴᠢ ᠶᠢᠨ ᠬᠠᠨᠣᠮᠵᠢ ᠶᠢᠨ ᠬᠡᠮᠵᠢᠶ᠎ᠡ ᠪᠠ ᠬᠦᠷᠳᠡᠮᠵᠢᠳᠤ ᠲᠥᠷᠥᠭᠳᠡᠯ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠤ ᠪᠠᠶᠢᠨ᠎ᠠ᠃      ᠣᠶᠢᠯᠠᠭᠠᠭᠰᠠᠨ ᠢᠶᠠᠷ᠂ ᠲᠤᠰ ᠳᠦᠷᠦᠯ ᠤᠨ ᠰᠠᠶᠢᠨ ᠲᠤᠷᠠᠴᠤᠳ ᠢ ᠡᠯᠰᠡᠬᠦ ᠠᠵᠢᠯᠯᠠᠭ᠎ᠠ ᠨᠢ ᠭᠠᠶᠢᠯᠢ ᠳᠤ ᠬᠤᠯᠪᠣᠭᠳᠠᠬᠤ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠶᠢᠨ ᠢᠳᠡᠪᠬᠢᠲᠡᠢ ᠬᠦᠷᠢᠶᠡᠯᠡᠯ ᠢ ᠣᠯᠵᠤ᠂ ᠪᠥᠬᠦ ᠬᠤᠰᠢᠭᠤᠨ ᠤ ᠭᠠᠶᠢᠯᠢ ᠳᠤ ᠬᠤᠯᠪᠣᠭᠳᠠᠬᠤ 4 ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠪᠦᠬᠦᠨ ᠢᠶᠠᠷ ᠢᠶᠠᠨ ᠨᠡᠷ᠎ᠡ ᠮᠡᠳᠡᠭᠦᠯᠦᠨ᠂ 3ᠳ᠋ᠤᠭᠠᠷ ᠰᠠᠷ᠎ᠠ ᠶᠢᠨ 21᠎ ᠤ ᠡᠳᠦᠷ ᠠᠴᠠ ᠡᠬᠢᠯᠡᠵᠤ᠂ ᠲᠣᠰ ᠲᠣᠰ ᠤᠨ ᠴᠠᠭ ᠤᠨ       ᠲᠣᠬᠢᠷᠠᠭᠤᠯᠤᠯᠲᠠ ᠪᠠᠨ ᠦᠨᠳᠦᠰᠦᠯᠡᠨ ᠠᠵᠢᠯ ᠤᠨ ᠪᠠᠶᠢᠷᠢᠨ ᠳᠤ ᠪᠠᠨ ᠭᠠᠷᠤᠭᠰᠠᠨ ᠪᠠᠶᠢᠨ᠎ᠠ᠃  ᠡᠳᠡᠭᠡᠷ ᠰᠠᠶᠢᠨ ᠲᠤᠷᠠᠴᠤᠳ ᠦᠢᠯᠡᠴᠢᠯᠡᠭᠡᠨ ᠤ ᠬᠤᠭᠤᠴᠠᠭᠠᠨ ᠳᠠᠭᠠᠨ ᠭᠤᠣᠯᠳᠠᠭᠤ ᠭᠠᠶᠢᠯᠢ ᠭᠦᠢᠴᠡᠳᠬᠡᠬᠦ ᠲᠢᠩᠬᠢᠮ ᠳᠤ ᠭᠠᠶᠢᠯᠢ ᠲᠤᠰᠢᠶᠠᠭᠴᠢ ᠶᠢᠨ ᠠᠰᠠᠭᠤᠨ ᠯᠠᠪᠯᠠᠯᠲᠠ ᠳᠤ ᠬᠠᠷᠢᠭᠤᠯᠲᠠ ᠥᠭᠬᠦ᠂ ᠡᠯ᠎ᠡ ᠳᠦᠷᠦᠯ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ᠂ ᠭᠠᠶᠢᠯᠢ ᠲᠤᠰᠢᠶᠠᠭᠴᠢ ᠳᠤ ᠡᠯᠧᠺᠲᠷᠣᠨ ᠭᠠᠶᠢᠯᠢ ᠶᠢᠨ ᠶᠠᠪᠤᠳᠠᠯ ᠤᠨ ᠠᠵᠢᠯ ᠤᠨ ᠶᠠᠪᠤᠴᠠ ᠳᠤ ᠬᠠᠪᠰᠤᠷᠤᠮᠵᠢ ᠥᠵᠡᠬᠦᠯᠬᠦ᠂ ᠭᠠᠶᠢᠯᠢ ᠲᠤᠰᠢᠶᠠᠭᠴᠢ ᠠᠴᠠ ᠭᠠᠶᠢᠯᠢ ᠳᠤ ᠬᠤᠯᠪᠣᠭᠳᠠᠬᠤ ᠡᠯ᠎ᠡ ᠳᠦᠷᠦᠯ ᠤᠨ ᠰᠠᠨᠠᠯ  ᠰᠠᠨᠠᠭᠤᠯᠭ᠎ᠠ ᠶᠢ ᠴᠤᠭᠯᠠᠭᠤᠯᠬᠤ ᠵᠡᠷᠭᠡ ᠠᠵᠢᠯ ᠤᠳ ᠢ ᠬᠢᠬᠦ ᠪᠤᠯᠤᠨ᠎ᠠ᠃      ᠤᠳᠤᠬᠠᠨ ᠳᠤ᠂ ᠭᠠᠶᠢᠯᠢ ᠳᠤ ᠬᠤᠯᠪᠤᠭᠳᠠᠬᠤ ᠲᠤᠰᠬᠠᠢ ᠮᠡᠷᠭᠡᠵᠢᠯ ᠤᠨ ᠦᠢᠯᠡᠴᠢᠯᠡᠭᠡᠨ ᠤ       ᠪᠠᠶᠢᠭᠤᠯᠤᠮᠵᠢ ᠶᠢᠨ ︽ᠭᠠᠶᠢᠯᠢ ᠲᠠᠳᠠᠪᠤᠷᠢ ᠶᠢᠨ ᠰᠠᠶᠢᠨ ᠲᠤᠷᠠᠴᠤᠳ︾ ᠎ ᠤᠨ ᠦᠢᠯᠡᠴᠢᠯᠡᠭᠡᠨ ᠤ ᠪᠦᠯᠬᠦᠮ ᠢ ᠪᠠᠶᠢᠭᠤᠯᠤᠭᠰᠠᠨ ᠨᠢ ᠮᠠᠨ ᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠠᠩᠬ᠎ᠠ ᠤᠳᠠᠭ᠎ᠠ       ᠨᠡᠶᠢᠬᠡᠮ ᠳᠤ ᠬᠠᠨᠳᠤᠭᠤᠯᠤᠨ ᠰᠠᠶᠢᠨ ᠲᠤᠷᠠᠴᠤᠳ ᠢ ᠡᠯᠰᠡᠬᠦ ᠪᠦᠳᠦᠮᠵᠢᠲᠠᠢ ᠠᠷᠭ᠎ᠠ ᠬᠡᠮᠵᠢᠶ᠎ᠡ ᠪᠠᠶᠢᠵᠤ᠂ ᠲᠤᠬᠠᠶᠢᠯᠠᠭᠰᠠᠨ ᠠᠵᠢᠯ ᠢᠶᠠᠨ ᠲᠦᠷᠭᠡᠨ ᠭᠦᠢᠴᠡᠳᠬᠡᠬᠦ᠂ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠬᠡᠬᠦ       ᠲᠠᠯ᠎ᠠ ᠪᠠᠷ ᠢᠯᠡᠷᠬᠡᠢ ᠦᠷ᠎ᠡ ᠪᠦᠳᠦᠮᠵᠢ ᠢ ᠤᠯᠬᠤ ᠳᠤ ᠴᠢᠬᠤᠯᠠ ᠦᠢᠯᠡᠳᠦᠯ ᠢ ᠦᠵᠡᠭᠦᠯᠵᠦ ᠪᠤᠢ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ ᠨᠢ ᠭᠠᠶᠢᠯᠢ ᠶᠢᠨ ᠶᠠᠪᠤᠳᠠᠯ ᠤᠨ ᠦᠢᠯᠡᠴᠢᠯᠡᠭᠡᠨ ᠤ ᠰᠠᠶᠢᠨ ᠲᠤᠷᠠᠴᠤᠳ ᠢ ᠦᠷᠭᠦᠯᠵᠢᠯᠡᠨ ᠵᠤᠬᠢᠶᠠᠨ ᠪᠠᠶᠢᠭᠤᠯᠵᠤ ᠭᠠᠶᠢᠯᠢ ᠶᠢᠨ       ᠶᠠᠪᠤᠳᠠᠯ ᠤᠨ ᠪᠠᠶᠢᠭᠤᠯᠭ᠎ᠠ ᠳᠤ ᠬᠠᠪᠰᠤᠷᠤᠨ ᠵᠢᠯᠤᠭᠤᠳᠬᠤ ᠴᠢᠨᠠᠷᠲᠠᠢ ᠠᠵᠢᠯ ᠢ ᠦᠷᠨᠢᠬᠦᠯᠬᠦ ᠪᠠ ᠠᠵᠤ ᠠᠬᠤᠶᠢᠯᠠᠯ᠂ ᠨᠡᠶᠢᠬᠡᠮ ᠲᠤᠭᠤᠷᠢᠭ ᠲᠤ ᠭᠠᠶᠢᠯᠢ ᠲᠠᠳᠠᠪᠤᠷᠢ ᠶᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠭ᠎ᠠ ᠶᠢ ᠦᠷᠨᠢᠬᠦᠯᠵᠤ᠂ ᠠᠷᠠᠳ ᠲᠤ ᠠᠰᠢᠭ ᠬᠦᠷᠳᠡᠭᠡᠭᠦ ᠭᠠᠶᠢᠯᠢ ᠲᠠᠳᠠᠪᠤᠷᠢ ᠶᠢᠨ ᠬᠠᠷᠠᠭᠠᠯᠵᠠᠯ ᠤᠨ ᠲᠦᠷᠦ ᠶᠢᠨ       ᠪᠤᠳᠤᠯᠭ᠎ᠠ ᠶᠢ ᠭᠠᠶᠢᠯᠢ ᠲᠤᠰᠢᠶᠠᠭᠴᠢ ᠳᠤ ᠬᠦᠷᠭᠡᠨ᠂ ᠭᠠᠶᠢᠯᠢ ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠪᠠ ᠬᠦᠷᠳᠡᠮᠵᠢᠳᠤ ᠲᠦᠷᠦᠭᠳᠡᠯ ᠢ ᠨᠢ ᠲᠡᠭᠡᠭᠰᠢᠯᠡᠬᠦᠯᠬᠦ ᠪᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号