3 ᠳ᠋ᠤᠭᠠᠷ ᠰᠠᠷ᠎ᠠ ᠶᠢᠨ 22 ᠤ ᠡᠳᠦᠷ ᠪᠤᠯ ᠭᠤᠴᠢᠳᠡᠬᠢ ︽ᠳᠡᠯᠡᠬᠡᠢ ᠶᠢᠨ ᠤᠰᠤᠨ ᠤ ᠡᠳᠦᠷ︾ | ᠮᠦᠷᠳᠡᠭᠡᠨ 22 ᠤ ᠡᠳᠦᠷ ᠠᠴᠠ 28 ᠤ ᠡᠳᠦᠷ ᠪᠤᠯ ᠮᠠᠨ ᠤ ᠤᠯᠤᠰ ᠤᠨ ᠭᠤᠴᠢᠨ ᠲᠠᠪᠤᠳᠤᠭᠠᠷ | ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠪᠤᠯᠤᠨ᠎ᠠ᠃ ᠡᠳᠤᠷ ᠲᠠᠷᠠᠭᠠᠯᠠᠨ᠂ | ᠬᠤᠰᠢᠭᠤᠨ ᠤ ᠤᠰᠤᠨ ᠠᠰᠢᠭᠯᠠᠯᠳᠠ ᠶᠢᠨ ᠰᠢᠰᠲ᠋ᠧᠮ ᠤᠨ ᠬᠢᠨ ᠤ ᠭᠠᠵᠠᠷ ᠲᠤᠤᠷᠠᠬᠢ ᠤᠰᠤ ᠪᠠ ᠬᠤᠪᠤᠷ ᠨᠠᠨᠳᠢᠨ | ᠡᠬᠢ ᠪᠠᠶᠠᠯᠢᠭ ᠢ ᠨᠠᠨᠳᠢᠩᠨᠠᠶ᠎ᠠ ᠭᠡᠬᠦ ᠰᠡᠳᠤᠪ ᠢᠶᠠᠷ ︽ ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ | ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠦᠷᠨᠢᠭᠦᠯᠪᠡ᠃ | ᠬᠤᠰᠢᠭᠤᠨ ᠤ ᠤᠰᠤᠨ ᠠᠰᠢᠭᠯᠠᠯᠲᠠ ᠶᠢᠨ ᠰᠢᠰᠲ᠋ᠧᠮ ᠨᠢ ᠪᠠᠶᠠᠨᠲᠤᠤᠷᠠᠢ ᠰᠤᠮᠤ ᠶᠢ ᠤᠷᠢᠵᠦ ᠤᠰᠤᠨ ᠤ | ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠭᠤᠳᠠᠯ ᠤᠨ ᠬᠤᠷᠠᠯ ᠢ ᠬᠤᠷᠠᠯᠳᠤᠭᠤᠯᠬᠤ ᠪᠠᠷ ᠲᠠᠮᠵᠢᠵᠤ ᠨᠤᠲᠤᠭ | ᠪᠡᠯᠴᠢᠭᠡᠷ ᠤᠨ ᠤᠰᠤᠵᠢᠭᠤᠯᠤᠯᠳᠠ᠂ ᠬᠠᠷ᠎ᠠ ᠭᠤᠤᠯ ᠤᠨ ᠤᠰᠤᠨ ᠤ ᠲᠤᠬᠢᠷᠠᠭᠤᠯᠤᠯᠲᠠ ᠵᠡᠷᠭᠡ ᠲᠠᠯ᠎ᠠ ᠶᠢᠨ | ᠠᠰᠠᠭᠤᠳᠠᠯ ᠤᠨ ᠲᠤᠬᠠᠢ ᠶᠠᠷᠢᠯᠴᠠᠭ᠎ᠠ ᠦᠷᠨᠢᠭᠦᠯᠪᠡ᠃ ᠡᠭᠦᠨ ᠤ ᠵᠡᠷᠭᠡᠪᠡᠷ᠂ ᠠᠵᠢᠯᠲᠠᠨ ᠠᠴᠠ ᠪᠠᠰᠠ ᠤᠰᠤᠨ ᠤ | ᠬᠠᠤᠯᠢ ᠶᠢᠨ ᠤᠬᠠᠭᠤᠯᠭ᠎ᠠ ᠶᠢᠨ ᠬᠠᠭᠤᠳᠠᠰᠤ᠂ ᠤᠰᠤ ᠠᠷᠪᠢᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ | ᠵᠡᠷᠭᠡ ᠬᠡᠯᠪᠡᠷᠢ ᠪᠠᠷ ᠮᠠᠯᠴᠢᠨ ᠲᠠᠷᠢᠶᠠᠴᠢᠳ ᠲᠤ ᠤᠰᠤᠨ ᠤ ᠬᠠᠤᠯᠢ ᠶᠢᠨ ᠮᠡᠳᠡᠯᠭᠡ᠂ ᠤᠰᠤ ᠶᠢ ᠠᠷᠪᠢᠯᠠᠵᠤ | ᠬᠡᠷᠡᠭᠯᠡᠬᠦ ᠶᠢᠨ ᠠᠴᠢ ᠬᠤᠯᠪᠤᠭᠳᠠᠯ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ ᠴᠢᠬᠤᠯᠠ ᠴᠢᠨᠠᠷ ᠪᠠ ᠠᠷᠭ᠎ᠠ | ᠬᠡᠮᠵᠢᠶ᠎ᠡ ᠶᠢ ᠲᠠᠨᠢᠯᠴᠠᠭᠤᠯᠬᠤ ᠶᠢᠨ ᠬᠠᠮᠲᠤ᠂ ᠨᠤᠲᠤᠭ ᠪᠡᠯᠴᠢᠭᠡᠷ ᠤᠨ ᠤᠰᠤᠵᠢᠭᠤᠯᠤᠯᠳᠠ ᠶᠢᠨ ᠠᠰᠠᠭᠤᠳᠠᠯ ᠳᠤ | ᠬᠠᠷᠢᠭᠤᠯᠲᠠ ᠦᠭᠴᠡᠢ᠃ | ᠬᠤᠰᠢᠭᠤᠨ ᠤ ᠤᠰᠤᠨ ᠠᠰᠢᠭᠯᠠᠯᠲᠠ ᠶᠢᠨ ᠲᠤᠪᠴᠢᠶ᠎ᠠ ᠨᠢ ᠪᠠᠰᠠ ᠰᠤᠷᠭᠠᠨ ᠬᠦᠮᠦᠵᠢᠯ ᠪᠡᠶ᠎ᠡ ᠶᠢᠨ | ᠲᠠᠮᠢᠷ ᠤᠨ ᠲᠤᠪᠴᠢᠶ᠎ᠠ ᠲᠠᠢ ᠬᠠᠮᠳᠤᠷᠠᠨ ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠴᠢ ᠴᠡᠴᠡᠷᠯᠢᠭ ᠲᠤ ︽ᠤᠰᠤᠨ ᠤ | ᠡᠬᠢ ᠪᠠᠶᠠᠯᠢᠭ ᠢ ᠠᠷᠪᠢᠯᠠᠨ᠂ ᠬᠦᠷᠦᠰᠦ ᠰᠢᠷᠦᠢ ᠶᠢ ᠬᠠᠮᠠᠭᠠᠯᠠᠬᠤ︾ ᠪᠠᠷ ᠭᠤᠤᠯ ᠰᠡᠳᠤᠪ ᠢᠶᠠᠨ ᠪᠤᠯᠭᠠᠭᠰᠠᠨ | ᠵᠢᠷᠤᠭ᠂ ᠤᠷᠠᠨ ᠪᠢᠴᠢᠯᠭᠡ᠂ ᠵᠤᠬᠢᠶᠠᠨ ᠪᠢᠴᠢᠯᠭᠡ ᠶᠢᠨ ᠪᠦᠲᠦᠭᠡᠯ ᠴᠤᠭᠯᠠᠭᠤᠯᠬᠤ ᠠᠵᠢᠯᠯᠠᠭ᠎ᠠ ᠶᠢ ᠦᠷᠨᠢᠬᠦᠯᠪᠡ᠃ | ᠬᠢᠨᠠᠨ ᠰᠢᠯᠭᠠᠷᠠᠭᠤᠯᠤᠯᠳᠠ ᠳᠤ᠂ ᠡᠳᠡᠭᠡᠷ ᠪᠠᠭᠠᠴᠤᠳ ᠰᠤᠷᠤᠭᠴᠢᠳ ᠤᠨ ᠦᠪᠡᠷ ᠤᠨ ᠲᠠᠨᠢᠯᠳᠠ ᠪᠠᠷ ᠢᠶᠠᠨ | ᠵᠢᠷᠤᠭᠯᠠᠭᠰᠠᠨ ᠰᠤᠯᠤᠩᠭᠠᠨ ᠦᠩᠭᠡᠲᠦ ᠤᠷᠠᠨ ᠵᠢᠷᠤᠭ᠂ ᠤᠷᠠᠨ ᠪᠢᠴᠢᠯᠭᠡ ᠵᠢᠴᠢ ᠢᠷᠠᠭᠤ ᠰᠠᠶᠢᠬᠠᠨ ᠦᠭᠡ ᠬᠡᠯᠡ | ᠲᠠᠢ ᠪᠦᠳᠦᠭᠡᠯ ᠤᠳ ᠨᠢ ᠤᠯᠠᠨ ᠤ ᠰᠤᠨᠢᠷᠬᠠᠯ ᠢ ᠲᠠᠳᠠᠭᠰᠠᠨ ᠢᠶᠠᠷ ᠪᠠᠷᠠᠬᠤ ᠦᠭᠡᠢ ᠪᠠᠭᠠᠴᠤᠳ ᠰᠤᠷᠤᠭᠴᠢᠳ ᠲᠤ | ᠭᠠᠵᠠᠷ ᠤᠨ ᠭᠠᠳᠠᠷᠭᠤ ᠶᠢᠨ ᠤᠰᠤ ᠶᠢ ᠬᠠᠮᠠᠭᠠᠯᠠᠬᠤ ᠴᠢᠬᠤᠯᠠ ᠴᠢᠨᠠᠷ ᠢ ᠤᠶᠢᠯᠠᠭᠠᠭᠤᠯᠤᠨ᠂ ᠤᠰᠤ ᠶᠢ ᠠᠷᠪᠢᠯᠠᠨ | ᠬᠡᠷᠡᠭᠯᠡᠬᠦ ᠦᠵᠡᠯᠲᠡ ᠶᠢ ᠪᠤᠢ ᠪᠤᠯᠭᠠᠭᠰᠠᠨ ᠪᠠᠶᠢᠨ᠎ᠠ᠃ ᠤᠶᠢᠯᠠᠭᠠᠭᠰᠠᠨ ᠢᠶᠠᠷ ᠲᠤᠰ ᠤᠳᠠᠭᠠᠨ ᠤ ᠠᠵᠢᠯᠯᠠᠭᠠᠨ ᠳᠤ | ᠨᠡᠶᠢᠳᠡ 101 ᠤᠷᠠᠨ ᠵᠢᠷᠤᠭ ᠤᠨ ᠪᠦᠲᠦᠭᠡᠯ᠂ 37 ᠤᠷᠠᠨ ᠪᠢᠴᠢᠯᠭᠡ ᠶᠢᠨ ᠪᠦᠲᠦᠭᠡᠯ ᠪᠠ 20 ᠵᠤᠬᠢᠶᠠᠨ | ᠪᠢᠴᠢᠯᠭᠡ ᠶᠢᠨ ᠪᠦᠲᠦᠭᠡᠯ ᠤᠷᠤᠯᠴᠠᠵᠡᠢ᠃ | | | | | | | | | | | | |