ᠤᠯᠤᠰ ᠤᠨ ᠵᠠᠮ 213 ᠳ᠋ᠤᠭᠠᠷ ᠱᠤᠭᠤᠮ ᠤᠨ ᠳᠠᠯᠠᠶᠢᠬᠥ᠋ᠪ ᠪᠠᠯᠭᠠᠰᠤ ᠠᠴᠠ ᠳ᠋ᠥᠩᠹᠧᠩ ᠰᠠᠨᠰᠠᠷ ᠤᠨ ᠬᠤᠲᠠ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠦᠷᠦᠯ ᠵᠦᠢᠯ ᠪᠦᠬᠦ ᠲᠠᠯ᠎ᠠ ᠪᠠᠷ ᠠᠵᠢᠯ ᠎ ᠢᠶᠠᠨ ᠰᠡᠷᠬᠦᠭᠡᠪᠡ
ᠨᠡᠶᠢᠲᠡᠯᠡᠭᠰᠡᠨ ᠴᠠᠭ᠄
2022/3/30
     ᠣᠶᠢᠷ᠎ᠠ ᠶᠢᠨ ᠡᠳᠤᠷ᠂ ᠪᠥᠬᠦ ᠠᠶᠢᠮᠠᠭ ᠤᠨ ᠭᠤᠣᠯᠳᠠᠯᠭᠠᠳᠤ ᠵᠠᠰᠠᠮᠠᠯ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠬᠤ ᠤᠯᠤᠰ ᠤᠨ ᠵᠠᠮ 213 ᠳ᠋ᠤᠭᠠᠷ ᠱᠤᠭᠤᠮ ᠤᠨ ᠳᠠᠯᠠᠶᠢᠬᠥ᠋ᠪ       ᠪᠠᠯᠭᠠᠰᠤ ᠠᠴᠠ ᠳ᠋ᠥᠩᠹᠧᠩ ᠰᠠᠨᠰᠠᠷ ᠤᠨ ᠬᠤᠲᠠ ᠬᠦᠷᠬᠦ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠪᠦᠬᠦ ᠲᠠᠯ᠎ᠠ ᠪᠠᠷ ᠠᠵᠢᠯ ᠢᠶᠠᠨ ᠰᠡᠷᠬᠦᠭᠡᠪᠡ  ᠃      ᠤᠯᠤᠰ ᠤᠨ ᠵᠠᠮ ᠤᠨ 213 ᠳ᠋ᠤᠭᠠᠷ ᠱᠤᠭᠤᠮ ᠪᠤᠯ ᠤᠯᠤᠰ ᠪᠤᠯᠤᠨ ᠥᠪᠡᠷᠲᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠭᠤᠤᠯ ᠱᠤᠭᠤᠮ ᠤᠨ ᠲᠤᠤᠷᠵᠢᠯ ᠤᠨ ᠴᠢᠬᠤᠯᠠ ᠪᠥᠷᠢᠯᠳᠥᠭᠦᠨ ᠬᠡᠰᠡᠭ ᠪᠠᠶᠢᠵᠤ᠂ ᠲᠤᠰ ᠲᠥᠷᠥᠯ ᠵᠥᠢᠯ ᠤᠨ ᠡᠬᠢᠯᠡᠯᠲᠡ ᠶᠢᠨ ᠴᠡᠭ ᠨᠢ ᠳᠠᠯᠠᠶᠢᠬᠦ᠋ᠪ ᠪᠠᠯᠭᠠᠰᠤᠨ ᠤ ᠪᠠᠷᠠᠭᠤᠨ ᠡᠮᠥᠨ᠎ᠡ ᠬᠡᠰᠡᠭ ᠤᠨ G7 ᠳᠠᠯᠠᠶᠢᠬᠦ᠋ᠪ ᠎ ᠲᠠᠢ ᠵᠠᠯᠭᠠᠯᠳᠤᠵᠤ ᠪᠠᠶᠢᠭ᠎ᠠ ᠨᠢᠭᠡᠳᠥᠭᠡᠷ ᠳᠡᠰ ᠤᠨ ᠵᠠᠰᠠᠮᠠᠯ ᠵᠠᠮ ᠪᠤᠯᠤᠨ ᠤᠳᠤ ᠶᠢᠨ ᠤᠯᠤᠰ ᠤᠨ ᠵᠠᠮ 213 ᠳ᠋ᠤᠭᠠᠷ ᠱᠤᠭᠤᠮ ᠤᠨ ᠬᠤᠶᠠᠳᠤᠭᠠᠷ ᠳᠡᠰ ᠤᠨ ᠵᠠᠰᠠᠮᠠᠯ ᠵᠠᠮ ᠤᠨ ᠵᠠᠯᠭᠠᠯᠲᠠ ᠶᠢᠨ ᠴᠡᠭ ᠪᠠᠶᠢᠵᠤ᠂ ᠲᠡᠭᠦᠰᠬᠡᠯ ᠤᠨ ᠴᠡᠭ ᠨᠢ ᠳ᠋ᠥᠩᠹᠧᠩ ᠰᠠᠨᠰᠠᠷ ᠤᠨ ᠬᠤᠲᠠ ᠶᠢᠨ ᠪᠠᠷᠠᠭᠤᠨ ᠡᠮᠥᠨ᠎ᠡ ᠬᠡᠰᠡᠭ ᠳᠤ ᠬᠦᠷᠴᠤ᠂ ᠭᠤᠤᠯ ᠱᠤᠭᠤᠮ ᠤᠨ ᠤᠷᠲᠤ ᠨᠢ 143 ᠺᠢᠯᠤᠮᠧᠲᠷ ᠪᠤᠯᠤᠨ᠎ᠠ᠃ ᠲᠤᠰ ᠲᠥᠷᠥᠯ ᠵᠥᠢᠯ ᠤᠨ ᠶᠡᠷᠥᠩᠬᠡᠢ ᠪᠡᠯᠡ ᠤᠷᠤᠭᠤᠯᠤᠯᠲᠠ ᠨᠢ 26.42 ᠳ᠋ᠥᠩᠰᠢᠭᠤᠷ ᠲᠥᠭᠦᠷᠢᠭ ᠪᠠᠶᠢᠵᠤ᠂ ᠵᠠᠯᠭᠠᠯᠳᠠ ᠶᠢᠨ ᠱᠤᠭᠤᠮ ᠨᠢ 12.378 ᠺᠢᠯᠤᠮᠧᠲᠷ ᠪᠤᠢ᠃ ᠪᠦᠬᠦ ᠱᠣᠭᠤᠮ ᠳᠤ ᠪᠠᠨ 2 ᠲᠤᠮᠤ ᠬᠦᠬᠦᠷᠭᠡ᠂ 3 ᠲᠤᠮᠳᠠ ᠵᠡᠷᠭᠡ ᠶᠢᠨ ᠬᠦᠬᠦᠷᠭᠡ ᠪᠤᠯᠤᠨ 1 ᠰᠠᠯᠬᠤ ᠬᠡᠯᠪᠡᠷᠢ ᠶᠢᠨ ᠵᠦᠷᠢᠯᠢᠭ ᠬᠦᠬᠦᠷᠭᠡ᠂ 6 ᠬᠠᠪᠳᠠᠭᠠᠢ ᠶᠢᠨ ᠰᠤᠯᠪᠢᠴᠡᠯ᠂ 15 ᠭᠤᠯᠳᠤᠩ ᠬᠦᠨᠳᠡᠢ ᠶᠢ ᠲᠤᠬᠢᠷᠠᠭᠤᠯᠤᠭᠰᠠᠨ       ᠪᠠᠶᠢᠨ᠎ᠠ᠃      ᠲᠤᠰ ᠲᠥᠷᠥᠯ ᠵᠦᠢᠯ ᠤᠨ ᠪᠠᠶᠢᠭᠤᠯᠤᠭᠳᠠᠬᠤ ᠨᠢ᠂ ᠤᠯᠤᠰ ᠤᠨ ᠵᠠᠰᠠᠮᠠᠯ ᠵᠠᠮ ᠤᠨ ᠲᠤᠤᠷᠵᠢᠯ ᠤᠨ ᠪᠦᠳᠦᠴᠡ ᠶᠢ ᠲᠡᠭᠦᠯᠳᠡᠷᠵᠢᠭᠦᠯᠵᠦ᠂ ᠾᠧ ᠰᠢ ᠬᠤᠩᠭᠢᠯ ᠲᠠᠢ ᠵᠠᠯᠭᠠᠯᠳᠣᠭᠰᠠᠨ ᠬᠥᠷᠰᠢ ᠵᠡᠷᠭᠡᠯᠡᠳᠡᠭᠡ ᠭᠠᠵᠠᠷ ᠣᠷᠣᠨ ᠎ ᠯᠤᠭ᠎ᠠ ᠶᠢᠨ ᠠᠵᠤ ᠠᠬᠤᠢ ᠰᠣᠶᠣᠯ ᠪᠠ ᠡᠬᠢ ᠪᠠᠶᠠᠯᠢᠭ ᠤᠨ ᠰᠣᠯᠢᠯᠴᠠᠭ᠎ᠠ ᠶᠢ ᠰᠠᠭᠠᠳ ᠦᠭᠡᠢ ᠨᠠᠪᠲᠠᠷᠡᠭᠦᠯᠵᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠵᠢᠴᠢ ᠵᠠᠮ ᠲᠠᠭᠤ ᠭᠠᠵᠠᠷ ᠤᠷᠤᠨ ᠤ ᠠᠵᠤ ᠠᠬᠤᠢ ᠪᠠ ᠵᠢᠭᠤᠯᠴᠢᠯᠠᠯ ᠤᠨ ᠦᠢᠯᠡᠰ ᠤᠨ ᠬᠦᠭᠵᠢᠯᠳᠡ ᠳᠤ ᠬᠦᠨᠳᠤ ᠴᠢᠬᠤᠯᠠ ᠠᠴᠢ ᠬᠤᠯᠪᠤᠭᠳᠠᠯ ᠲᠠᠢ ᠶᠤᠮ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号