ᠮᠠᠨ ᠤ ᠬᠤᠰᠢᠭᠤ ᠶᠢᠨ ᠬᠠᠪᠤᠷ ᠤᠨ ᠤᠯᠠᠷᠢᠯ ᠤᠨ ᠨᠤᠭᠤᠭᠠᠷᠠᠭᠤᠯᠤᠯᠲᠠ ᠶᠢᠨ ᠠᠵᠢᠯ ᠶᠠᠭᠠᠷᠠᠯᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/3/8
     ᠤᠶᠢᠷ᠎ᠠ ᠶᠢᠨ ᠡᠳᠤᠷ᠂ ᠮᠠᠨ ᠤ ᠬᠤᠰᠢᠭᠤᠨ ᠤ ᠴᠡᠴᠷᠯᠢᠭ ᠤᠨ ᠨᠤᠭᠤᠭᠠᠷᠠᠭᠤᠯᠤᠯᠳᠠ ᠶᠢᠨ ᠲᠦᠪ ᠤᠨ ᠠᠵᠢᠯᠳᠠᠨ ᠨᠠᠷ ᠬᠠᠪᠤᠷ ᠤᠨ ᠤᠯᠠᠷᠢᠯ ᠤᠨ ᠨᠤᠭᠤᠭᠠᠷᠠᠭᠤᠯᠤᠯᠲᠠ ᠶᠢᠨ ᠠᠵᠢᠯ ᠢᠶᠠᠨ ᠡᠬᠢᠯᠡᠬᠦᠯᠵᠤ᠂ ᠡᠨᠡ ᠵᠢᠯ ᠤᠨ ᠬᠤᠳᠠ ᠪᠠᠯᠭᠠᠰᠤ ᠶᠢᠨ ᠨᠤᠭᠤᠭᠠᠷᠠᠭᠤᠯᠤᠯᠳᠠ ᠶᠢᠨ ᠠᠵᠢᠯ ᠳᠤ ᠭᠦᠢᠴᠡᠳ ᠪᠡᠯᠡᠳᠬᠡᠯ ᠬᠢᠨ᠎ᠡ᠃      ᠨᠤᠭᠤᠭᠠᠷᠠᠭᠤᠯᠤᠯᠳᠠ ᠶᠢᠨ ᠠᠵᠢᠯᠴᠢᠨ ᠨᠤᠭᠤ ᠭᠠᠵᠠᠷ ᠤᠨ ᠴᠡᠴᠡᠷᠯᠢᠭ ᠪᠤᠯᠤᠨ ᠶᠠᠩ ᠭᠤᠸᠠᠩ ᠰᠠᠭᠤᠭᠠᠯᠢ ᠠᠷᠠᠳ ᠤᠨ ᠲᠤᠭᠤᠷᠢᠭ ᠤᠨ ᠵᠠᠮ ᠤᠨ ᠬᠤᠶᠠᠷ ᠬᠠᠵᠠᠭᠤ ᠶᠢᠨ ᠨᠤᠭᠤᠭᠠᠷᠠᠭᠤᠯᠤᠯᠲᠠ ᠶᠢᠨ ᠪᠦᠰᠡ ᠳᠤ ᠵᠡᠷᠯᠢᠭ ᠡᠪᠡᠰᠦ᠂ ᠬᠠᠲᠠᠭᠰᠠᠨ ᠨᠠᠪᠴᠢ ᠶᠢ ᠴᠡᠪᠡᠷᠯᠡᠬᠦ ᠶᠢᠨ ᠬᠠᠮᠳᠤ ᠵᠤᠯᠵᠠᠭᠠᠨ ᠮᠤᠳᠤ ᠶᠢ ᠵᠠᠰᠠᠵᠤ ᠴᠡᠭᠴᠡᠯᠡᠨ᠂ ᠨᠤᠭᠤᠭᠠᠷᠠᠭᠤᠯᠤᠯᠳᠠ ᠶᠢᠨ ᠪᠡᠯᠡᠳᠬᠡᠯ ᠠᠵᠢᠯ ᠳᠤ ᠶᠠᠭᠠᠷᠠᠯᠲᠠᠢ ᠠᠵᠢᠯᠯᠠᠵᠤ᠂ ᠡᠪᠡᠰᠤ ᠮᠤᠳᠤᠨ ᠤ ᠤᠷᠭᠤᠯᠳᠠ ᠳᠤ ᠪᠠᠳᠤ ᠰᠠᠭᠤᠷᠢ ᠶᠢ ᠲᠠᠯᠪᠢᠨ᠎ᠠ᠃      ᠵᠤᠨ ᠤ ᠤᠯᠠᠷᠢᠯ ᠳᠤ ᠤᠢ ᠮᠤᠳᠤ ᠮᠠᠰᠢ ᠰᠠᠬᠤᠯᠢᠭ ᠤᠷᠭᠤᠳᠠᠭ ᠪᠣᠯᠬᠤᠷ ᠬᠠᠶᠢᠴᠢᠯᠠᠵᠤ  ᠵᠠᠰᠠᠬᠤ ᠨᠢ ᠤᠢ ᠮᠤᠳᠤᠨ ᠤ ᠤᠷᠭᠤᠯᠳᠠ ᠶᠢᠨ ᠨᠤᠷᠮ᠎ᠠ ᠶᠢ ᠵᠤᠬᠢᠬᠤ ᠬᠡᠮᠵᠢᠶ᠎ᠡ ᠪᠠᠷ ᠨᠦᠯᠦᠭᠡᠯᠡᠳᠡᠭ ᠤᠴᠢᠷ ᠠᠴᠠ ᠵᠢᠯ ᠪᠤᠯᠭᠠᠨ ᠤ ᠭᠤᠷᠪᠠᠨ ᠰᠠᠷ᠎ᠠ ᠶᠢᠨ ᠤᠷᠴᠢᠮ ᠢᠶᠠᠷ ᠴᠢᠳᠠᠬᠤ ᠶᠢᠨ ᠬᠢᠷᠢ ᠪᠠᠷ ᠪᠤᠳᠠ ᠮᠤᠳᠤᠨ ᠤ ᠬᠠᠶᠢᠴᠢᠯᠠᠵᠤ ᠠᠷᠴᠢᠯᠠᠬᠤ       ᠠᠵᠢᠯ ᠢ ᠪᠡᠶᠡᠯᠡᠬᠦᠯᠵᠤ᠂  ᠪᠤᠳᠠ ᠮᠤᠳᠤᠨ ᠤ ᠪᠦᠳᠦᠮᠵᠢᠲᠠᠢ ᠤᠷᠭᠤᠯᠳᠠ ᠶᠢ  ᠪᠠᠳᠤᠯᠠᠳᠠᠭ ᠪᠠᠶᠢᠨ᠎ᠠ᠃      ᠴᠡᠴᠷᠯᠢᠭ ᠤᠨ ᠨᠤᠭᠤᠭᠠᠷᠠᠭᠤᠯᠤᠯᠳᠠ ᠶᠢᠨ ᠠᠷᠠᠴᠢᠯᠠᠨ ᠬᠠᠮᠠᠭᠠᠯᠠᠬᠤ ᠠᠵᠢᠯ ᠨᠢ ᠬᠤᠳᠠ ᠶᠢᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠤᠯᠤᠨ᠎ᠠ᠂ ᠲᠡᠷᠡ ᠨᠢ ᠬᠤᠳᠠ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠪᠠᠷ ᠪᠠᠷᠠᠬᠤ ᠦᠭᠡᠢ ᠮᠥᠨ ᠴᠤ ᠮᠠᠨ ᠤ ᠬᠤᠰᠢᠭᠤᠨ ᠤ ᠠᠮᠢ ᠠᠬᠤᠢ ᠶᠢᠨ ᠦᠵᠡᠰᠭᠦᠯᠡᠩᠳᠤ ᠰᠠᠶᠢᠬᠠᠨ ᠬᠤᠳᠠ ᠪᠠᠯᠭᠠᠰᠤ ᠶᠢ ᠡᠭᠦᠳᠤᠨ ᠪᠠᠶᠢᠭᠤᠯᠬᠤ ᠳᠤ ᠪᠠᠳᠤ ᠪᠠᠬᠢ ᠰᠠᠭᠤᠷᠢ ᠶᠢ ᠲᠠᠯᠪᠢᠬᠤ ᠪᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号