ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ ᠤᠨ 2022 ᠤᠨ ᠤ ᠲᠦᠷᠪᠡᠳᠦᠭᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠷᠯᠠᠳᠤᠪᠠ
ᠨᠡᠶᠢᠲᠡᠯᠡᠭᠰᠡᠨ ᠴᠠᠭ᠄
2022/4/1
     3 ᠰᠠᠷ᠎ᠠ ᠶᠢᠨ 28᠎ ᠤ ᠡᠳᠤᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ ᠤᠨ 2022 ᠤᠨ ᠤ ᠲᠦᠷᠪᠡᠳᠦᠭᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂       ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠦᠳᠦᠭᠡᠯᠴᠢ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠲᠠᠩ ᠰᠢᠤᠸᠠᠢ ᠪᠢᠨ ᠵᠡᠷᠭᠡ ᠬᠤᠰᠢᠭᠤᠨ ᠤ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠡᠯ᠎ᠡ ᠪᠦᠷᠢᠯᠳᠦᠭᠦᠨ ᠭᠡᠰᠢᠭᠦᠳ ᠰᠤᠷᠤᠯᠴᠠᠯᠭ᠎ᠠ ᠶᠢᠨ ᠬᠤᠷᠠᠯ ᠳᠤ ᠤᠷᠤᠯᠴᠠᠪᠠ᠃      ᠬᠤᠷᠠᠯ ᠠᠴᠠ ᠵᠢᠭᠠᠵᠤ ᠭᠠᠷᠭᠠᠬᠤ ᠳᠠᠭᠠᠨ᠄ ᠡᠷᠬᠡᠪᠰᠢ ᠰᠢ ᠶᠢᠨ ᠫᠢᠩ  ᠎ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠰᠢ ᠶᠢᠨ ᠫᠢᠩ ᠶᠡᠷᠤᠩᠭᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠤᠰ ᠨᠡᠭᠦᠷᠡᠰᠦᠳᠦ᠋ᠷᠦᠭᠴᠢ︾᠎ ᠶᠢᠨ ᠬᠠᠷᠠᠯᠳᠠ ᠶᠢ ᠪᠡᠶᠡᠯᠡᠬᠦᠯᠬᠦ ᠴᠢᠬᠤᠯᠠ ᠴᠢᠨᠠᠷ ᠢ ᠭᠦᠨᠵᠡᠭᠡᠢ ᠡᠵᠡᠮᠰᠢᠬᠦ ᠶᠢᠨ ᠬᠠᠮᠳᠤ ︽ᠬᠤᠤᠰ ᠨᠡᠭᠦᠷᠡᠰᠦᠳᠦ᠋ᠷᠦᠭᠴᠢ︾᠎ ᠶᠢᠨ ᠠᠵᠢᠯ ᠢ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠪᠦᠬᠦᠯᠢ ᠴᠤᠭᠴᠠ ᠶᠢᠨ ᠪᠠᠶᠢᠷᠢᠰᠢᠯᠠᠭᠤᠯᠤᠯᠳᠠ ᠪᠠ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠦᠬᠦ ᠲᠠᠯ᠎ᠠ ᠳᠤ ᠠᠭᠤᠰᠤᠯᠴᠠᠭᠤᠯᠤᠨ᠂ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠤᠳᠠᠳᠤ ᠦᠢᠯᠡ ᠠᠵᠢᠯᠯᠭ᠎ᠠ ᠪᠠᠷ ᠢᠶᠠᠨ ︽ᠬᠤᠶᠠᠷ ᠢ ᠲᠤᠭᠳᠠᠭᠠᠬᠤ︾᠎ ᠶᠢ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠬᠦ ᠬᠡᠷᠡᠭᠲᠠᠢ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠄  ᠡᠷᠬᠡᠪᠰᠢ ᠬᠦᠭᠵᠢᠬᠦᠯᠬᠦ ᠪᠠ ᠡᠨᠧᠷᠬᠢ ᠶᠢᠨ ᠬᠤᠷᠤᠭᠳᠠᠯ ᠢ ᠠᠷᠪᠢᠯᠠᠵᠤ ᠬᠠᠶᠠᠭᠳᠠᠮᠠᠯ ᠬᠡᠢ ᠶᠢᠨ ᠭᠠᠳᠠᠭᠰᠢᠭᠤᠯᠬᠤ ᠶᠢ ᠪᠠᠭᠠᠰᠬᠠᠬᠤ᠂ ᠪᠦᠬᠦᠯᠢ ᠴᠤᠭᠴᠠ ᠪᠠ ᠬᠡᠰᠡᠭ ᠲᠠᠯ᠎ᠠ᠂ ᠠᠯᠤᠰ ᠤᠨ ᠬᠠᠷᠠᠯᠳᠠ ᠪᠠ ᠤᠬᠤᠷ ᠬᠤᠭᠤᠴᠠᠭᠠᠨ ᠤ ᠬᠠᠷᠠᠯᠳᠠ᠂ ᠵᠠᠰᠠᠭ ᠤᠨ ᠤᠷᠳᠤᠨ ᠪᠠ ᠵᠠᠬ᠎ᠠ ᠲᠡᠯᠭᠡᠭᠦᠷ ᠤᠨ ᠬᠠᠷᠢᠴᠠᠭ᠎ᠠ ᠶᠢ ᠤᠨᠤᠪᠴᠢᠲᠠᠢ ᠰᠢᠢᠳᠪᠤᠷᠢᠯᠡᠵᠤ᠂ ᠨᠡᠭᠦᠷᠡᠰᠦᠳᠦ᠋ᠷᠦᠭᠴᠢ ᠪᠠ ᠪᠤᠬᠢᠷᠳᠤᠯ ᠶᠢ ᠪᠠᠭᠠᠰᠬᠠᠬᠤ᠂ ᠨᠤᠭᠤᠭᠠᠷᠠᠭᠤᠯᠤᠯᠳᠠ ᠶᠢ ᠦᠷᠭᠡᠳᠬᠡᠬᠦ᠂ ᠨᠡᠮᠡᠭᠳᠡᠯ ᠢ ᠵᠤᠬᠢᠴᠠᠯᠳᠤᠭᠤᠯᠤᠨ ᠠᠬᠢᠭᠤᠯᠬᠤ ᠶᠢ ᠪᠠᠷᠢᠮᠳᠠᠯᠠᠨ᠂ ᠠᠵᠤ ᠦᠢᠯᠡᠰ ᠤᠨ ᠪᠦᠳᠦᠴᠡ ᠶᠢ ᠰᠢᠯᠢᠳᠡᠭᠵᠢᠬᠦᠯᠬᠦ ᠪᠤᠯᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠷᠭᠡᠳᠬᠡᠨ ᠠᠬᠢᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠤᠷᠴᠢᠨ ᠠᠬᠤᠢ ᠶᠢ ᠬᠠᠮᠠᠭᠠᠯᠠᠬᠤ ᠠᠵᠤ       ᠦᠢᠯᠡᠰ ᠤᠨ ᠪᠦᠳᠦᠴᠡ᠂ ᠠᠵᠤ ᠦᠢᠯᠡᠳᠪᠤᠷᠢᠯᠡᠯ ᠤᠨ ᠠᠷᠭ᠎ᠠ ᠮᠠᠶ᠋ᠢᠭ  ᠪᠤᠯᠤᠨ ᠠᠮᠢᠳᠤᠷᠠᠯ ᠤᠨ ᠠᠷᠭ᠎ᠠ ᠮᠠᠶ᠋ᠢᠭ᠂ ᠤᠷᠤᠨ ᠵᠠᠢ ᠶᠢᠨ ᠪᠠᠶᠢᠷᠢᠰᠢᠯ ᠢ ᠲᠦᠷᠭᠡᠳᠬᠡᠨ ᠪᠤᠢ ᠪᠤᠯᠭᠠᠬᠤ ᠬᠡᠷᠡᠭᠲᠠᠢ᠃ ᠮᠦᠨᠴᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠤᠶᠢᠯᠠᠭᠠᠵᠤ᠂ ᠡᠯ᠎ᠡ ᠱᠠᠳᠣᠨ ᠤ ᠡᠯ᠎ᠡ ᠰᠠᠯᠠᠭ᠎ᠠ ᠮᠦᠴᠢᠷ ᠤᠨ ᠬᠢᠨ ᠡᠷᠬᠡᠪᠰᠢ ᠠᠵᠢᠯ ᠤᠨ ᠲᠤᠭᠳᠠᠴᠠ ᠪᠠᠨ ᠲᠠᠰᠤᠷᠠᠯᠳᠠ ᠦᠭᠡᠢ ᠲᠡᠭᠦᠯᠳᠡᠷᠵᠢᠬᠦᠯᠦᠨ᠂ ᠮᠠᠲ᠋ᠧᠷᠢᠶᠠᠯ ᠤᠨ ᠡᠬᠡ ᠲᠠᠩᠰᠠ ᠶᠢ ᠪᠦᠬᠦ ᠲᠠᠯ᠎ᠠ ᠪᠠᠷ ᠡᠮᠬᠢᠯᠡᠵᠤ᠂ ᠲᠤᠰ ᠤᠳᠠᠭᠠᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠳᠤ ᠪᠦᠬᠦ       ᠬᠦᠴᠦᠨ ᠢᠶᠠᠷ ᠢᠶᠠᠨ ᠰᠠᠶᠢᠳᠤᠷ ᠬᠠᠮᠵᠢᠯᠴᠠᠨ᠂ ᠲᠦᠪ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠵᠢᠴᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠰᠠᠶᠢᠳᠤᠷ ᠬᠢᠵᠤ᠂ ᠨᠡᠶᠢᠬᠡᠮ ᠤᠨ ᠬᠠᠮᠢᠶᠠᠷᠤᠯᠳᠠ ᠪᠤᠯᠤᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠲᠤᠤᠷ ᠰᠦᠯᠵᠢᠶ᠎ᠡ ᠶᠢ ᠲᠠᠰᠤᠷᠠᠯᠳᠠ ᠦᠭᠡᠢ ᠨᠠᠷᠢᠯᠢᠭᠵᠢᠭᠤᠯᠤᠨ᠂ ᠡᠨᠡᠬᠦ ᠬᠢᠯᠪᠠᠷ ᠪᠤᠰᠤ ᠪᠠᠷ ᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠳᠦᠮᠵᠢ ᠪᠠᠨ ᠡᠷᠡᠰ ᠪᠠᠳᠤᠳᠬᠠᠬᠤ ᠬᠡᠷᠡᠭᠲᠠᠢ  ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号