45 ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠶᠢᠳᠠᠯ ᠢ ᠤᠯᠠᠮ ᠨᠢᠭᠡ | ᠠᠯᠬᠤᠮ ᠪᠥᠬᠦ ᠲᠠᠯ᠎ᠠ ᠪᠠᠷ ᠡᠵᠡᠮᠰᠢᠵᠦ᠂ ᠲᠥᠷᠥᠯ ᠬᠤᠪᠢᠶᠠᠨ ᠰᠡᠷᠭᠡᠶᠢᠯᠡᠨ ᠵᠠᠰᠠᠬᠤ ᠶᠢ ᠪᠦᠲᠦᠮᠵᠢᠲᠡᠶ | ᠬᠡᠷᠡᠭᠵᠢᠬᠦᠯᠦᠨ᠂ ᠣᠯᠠᠨ ᠲᠦᠮᠡᠨ ᠤ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠶᠢᠨ ᠳᠤᠰᠠᠳᠠ᠂ ᠣᠶᠢᠷ᠎ᠠ ᠶᠢᠨ ᠡᠳᠤᠷ᠂ ᠮᠠᠨ ᠤ ᠬᠤᠰᠢᠭᠤ 45 ᠨᠠᠰᠤᠨ ᠠᠴᠠ ᠳᠡᠭᠡᠭᠰᠢᠬᠢ | ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠥᠨ᠎ᠡ ᠳᠦᠯᠦᠪᠤᠷᠢ ᠦᠭᠡᠢ ᠪᠠᠷ | ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠤᠶᠢᠯᠡᠴᠢᠯᠡᠭᠡ ᠬᠠᠩᠭᠠᠵᠤ ᠪᠠᠶᠢᠨ᠎ᠠ᠃ | ᠲᠣᠰ ᠤᠳᠠᠭᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠨᠢ ᠭᠤᠣᠯᠳᠠᠭᠤ ᠡᠪᠡᠳᠴᠢᠨ ᠤ ᠲᠡᠦᠬᠡ ᠶᠢᠨ | ᠣᠨᠣᠰᠢᠯᠠᠯᠲᠠ᠂ ᠪᠡᠶ᠎ᠡ ᠶᠢᠨ ᠪᠠᠶᠢᠴᠠᠭᠠᠯᠲᠠ᠂ ᠴᠢᠰᠤᠨ ᠳᠠᠷᠤᠯᠲᠠ᠂ ᠴᠢᠰᠤ ᠰᠢᠭᠡᠰᠦᠨ ᠤ ᠵᠤᠷᠰᠢᠯ᠂ ᠡᠯᠢᠭᠡᠨ ᠤ | ᠠᠵᠢᠯᠯᠠᠭ᠎ᠠ᠂ ᠪᠥᠭᠡᠷ᠎ᠠ ᠶᠢᠨ ᠠᠵᠢᠯᠯᠠᠭ᠎ᠠ᠂ ᠴᠢᠰᠤᠨ ᠰᠢᠬᠢᠷ᠂ ᠴᠢᠰᠤᠨ ᠤ ᠥᠭᠡᠬᠦ᠂ ᠵᠢᠷᠦᠬᠡᠨ ᠤ ᠯᠤᠭᠰᠢᠯᠲᠠ ᠶᠢᠨ | ᠵᠢᠷᠤᠭ᠂ X ᠰᠠᠴᠤᠷᠠᠭ ᠵᠡᠷᠭᠡ ᠣᠯᠠᠨ ᠳᠦᠷᠦᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠬᠠᠮᠣᠷᠣᠭᠳᠠᠵᠤ ᠪᠣᠶ᠃ | ᠰᠠᠭᠤᠭᠠᠯᠢ ᠠᠷᠠᠳ ᠤᠨ ᠪᠡᠶ᠎ᠡ ᠶᠢᠨ ᠡᠷᠡᠭᠦᠯ ᠮᠡᠨᠳᠤ ᠶᠢᠨ ᠪᠠᠶᠢᠴᠠᠭᠠᠯᠲᠠ ᠶᠢ ᠬᠢᠬᠦ ᠶᠠᠪᠤᠴᠠ ᠳᠤ ᠪᠡᠶ᠎ᠡ ᠶᠢᠨ ᠡᠷᠡᠭᠦᠯ | ᠮᠡᠨᠳᠦ ᠶᠢᠨ ᠪᠠᠶᠢᠳᠠᠯ᠂ ᠤᠳᠠᠭᠠᠨ ᠴᠢᠨᠠᠷᠲᠠᠢ ᠡᠪᠡᠳᠴᠢᠨ ᠡᠮᠭᠡᠭ ᠤᠨ ᠤᠷᠢᠳᠴᠢᠯᠠᠭᠰᠠᠨ ᠰᠡᠷᠭᠡᠶᠢᠯᠡᠯᠲᠡ᠂ ᠡᠮᠨᠡᠨ | ᠵᠠᠰᠠᠯᠲᠠ ᠵᠢᠴᠢ ᠡᠮ ᠬᠡᠷᠡᠭᠯᠡᠯᠲᠡ ᠵᠡᠷᠭᠡ ᠶᠢᠨ ᠲᠤᠬᠠᠢ ᠡᠮᠨᠡᠯᠭᠡ ᠶᠢᠨ ᠠᠵᠢᠯᠲᠠᠳ ᠠᠴᠠ ᠨᠠᠷᠢᠨ ᠵᠥᠪᠯᠡᠯᠭᠡ ᠠᠪᠴᠦ᠂ | ᠨᠠᠩ ᠣᠯᠠᠨ ᠡᠷᠡᠭᠦᠯ ᠮᠡᠨᠳᠦ ᠶᠢᠨ ᠮᠡᠳᠡᠯᠭᠡ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠶᠢ | ᠲᠠᠨᠢᠯᠴᠠᠭᠤᠯᠤᠭᠰᠠᠨ ᠪᠠᠶᠢᠨ᠎ᠠ᠃ | 45 ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠲᠤ ᠦᠨ᠎ᠡ ᠲᠥᠯᠥᠪᠦᠷᠢ ᠦᠭᠡᠢ ᠪᠠᠷ ᠡᠷᠡᠭᠦᠯ | ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠨᠢ ᠡᠵᠡᠨ᠎ᠡ ᠬᠤᠰᠢᠭᠤᠨ ᠤ 2022 ᠣᠨ ᠤ 8 ᠳᠦᠷᠦᠯ ᠤᠨ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠢᠭᠡ ᠨᠢ ᠪᠠᠶᠢᠵᠦ᠂ ᠲᠣᠰ ᠠᠵᠢᠯᠯᠠᠭ᠎ᠠ ᠨᠢ ᠡᠵᠡᠨ᠎ᠡ | ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ 9843 | ᠰᠠᠭᠤᠭᠠᠯᠢ ᠠᠷᠠᠳ ᠲᠤ ᠬᠡᠷᠡᠭᠵᠢᠬᠦᠯᠵᠦ᠂ ᠡᠭᠦᠨ ᠳᠤ ᠡᠷᠡᠭᠲᠡᠶᠢᠴᠦᠳ ᠤᠨ ᠪᠡᠶ᠎ᠡ ᠶᠢᠨ ᠡᠷᠡᠭᠦᠯ ᠮᠡᠨᠳᠤ ᠶᠢᠨ | ᠪᠠᠶᠢᠴᠠᠭᠠᠯᠲᠠ ᠶᠢᠨ ᠵᠠᠷᠤᠳᠠᠯ ᠨᠢ ᠬᠥᠮᠥᠨ ᠪᠦᠷᠢ 539 ᠲᠥᠭᠦᠷᠢᠭ᠂ ᠡᠮᠡᠭᠲᠡᠶᠢᠴᠦᠳ ᠤᠨ ᠵᠠᠷᠤᠳᠠᠯ ᠨᠢ ᠬᠥᠮᠥᠨ | ᠪᠦᠷᠢ 638 ᠲᠥᠭᠦᠷᠢᠭ ᠪᠠᠶᠢᠵᠦ᠂ ᠲᠤᠰ ᠤᠳᠠᠭᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠪᠠᠷ ᠳᠡᠮᠵᠢᠨ᠂ | ᠡᠪᠡᠳᠴᠢᠨ ᠪᠠᠶᠢᠪᠠᠯ ᠡᠷᠲᠡ ᠠᠴᠠ ᠡᠮᠨᠡᠬᠦᠯᠬᠦ ᠵᠣᠷᠢᠯᠭ᠎ᠠ ᠶᠢ ᠪᠦᠲᠦᠮᠵᠢᠲᠡᠶ ᠪᠡᠶᠡᠯᠡᠭᠦᠯᠵᠦ᠂ ᠥᠷᠭᠡᠨ ᠣᠯᠠᠨ | ᠲᠦᠮᠡᠨ ᠳᠤ ᠦᠨᠡᠨ ᠬᠦ ᠡᠷᠡᠭᠦᠯ ᠮᠡᠨᠳᠦ ᠶᠢᠨ ᠪᠠᠲᠤᠯᠠᠭ᠎ᠠ ᠶᠢ ᠬᠠᠩᠭᠠᠭᠰᠠᠨ ᠪᠠᠶᠢᠨ᠎ᠠ᠃ |