ᠬᠦᠨᠦᠭᠡᠯᠲᠦ ᠠᠮᠢᠳᠤ ᠪᠤᠳᠠᠰ ᠤᠨ ᠶᠡᠭᠡ ᠬᠡᠪᠴᠢᠶ᠎ᠡ ᠪᠠᠷ ᠡᠭᠦᠰᠬᠦ ᠶᠢ ᠰᠡᠷᠭᠡᠶᠢᠯᠡᠨ ᠵᠠᠰᠠᠵᠤ᠂ ᠤᠢ | ᠰᠢᠭᠤᠢ ᠶᠢᠨ ᠡᠬᠢ ᠪᠠᠶᠠᠯᠢᠭ ᠢ ᠦᠨᠡᠨᠬᠦ ᠪᠠᠲᠤᠯᠠᠬᠤ ᠶᠢᠨ ᠲᠤᠰᠠᠲᠠ᠂ ᠤᠶᠢᠷ᠎ᠠ ᠶᠢᠨ ᠡᠳᠦᠷ᠂ ᠡᠵᠡᠨ᠎ᠡ ᠬᠤᠰᠢᠭᠤ | ᠬᠠᠪᠤᠷ ᠤᠨ ᠤᠢ ᠰᠢᠭᠤᠢ ᠶᠢᠨ ᠬᠦᠨᠦᠭᠡᠯᠲᠦ ᠠᠮᠢᠳᠤ ᠪᠤᠳᠠᠰ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ | ᠡᠬᠢᠯᠡᠭᠦᠯᠪᠡ᠃ | ᠣᠶᠢᠷ᠎ᠠ ᠶᠢᠨ ᠡᠳᠤᠷ᠂ ᠬᠤᠰᠢᠭᠤᠨ ᠤ ᠭᠤᠤᠯᠳᠠᠯᠭᠠᠲᠦ ᠤᠢ ᠶᠢᠨ ᠤᠷᠤᠨ᠂ ᠳ᠋ᠠ ᠮᠥᠸᠧ ᠲᠤᠤᠷᠠᠢ ᠶᠢᠨ | ᠤᠢ ᠶᠢᠨ ᠦᠵᠡᠮᠵᠢ ᠶᠢᠨ ᠤᠷᠤᠨ᠂ ᠷᠥᠸᠧ ᠱᠦᠢ ᠦᠵᠡᠮᠵᠢ ᠶᠢᠨ ᠤᠷᠤᠨ ᠵᠡᠷᠭᠡ ᠭᠠᠵᠠᠷ ᠤᠳ ᠲᠤ ᠪᠦᠯᠦᠭ | ᠪᠦᠯᠦᠭ ᠠᠵᠢᠯ ᠤᠨ ᠬᠦᠮᠦᠰ ᠮᠠᠨᠢ ᠨᠢᠭᠡ ᠨᠢᠭᠡ ᠰᠠᠭᠤᠷᠢ ᠲᠤᠤᠷᠠᠢ ᠶᠢᠨ ᠮᠤᠳᠤ ᠵᠢᠴᠢ ᠬᠠᠵᠠᠭᠤ ᠬᠠᠪᠢ ᠶᠢᠨ ᠡᠪᠡᠰᠦ | ᠤᠷᠭᠤᠮᠠᠯ ᠳᠤ ᠰᠡᠷᠭᠡᠶᠢᠯᠡᠯᠲᠡ ᠶᠢᠨ ᠡᠮ ᠰᠦᠷᠴᠢᠵᠦ᠂ ᠦᠷᠯᠦᠭᠡ ᠶᠢᠨ ᠨᠠᠢᠮᠠᠨ ᠴᠠᠭ ᠠᠴᠠ ᠦᠳᠡᠰᠢ ᠶᠢᠨ | ᠵᠢᠷᠭᠤᠭᠠᠨ ᠴᠠᠭ ᠬᠦᠷᠲᠡᠯ᠎ᠡ ᠠᠵᠢᠯᠯᠠᠳᠠᠭ ᠪᠠᠶᠢᠨ᠎ᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠬᠦᠨᠦᠭᠡᠯᠲᠦ ᠠᠮᠢᠳᠤ ᠪᠤᠳᠠᠰ ᠢ ᠰᠡᠷᠭᠡᠶᠢᠯᠡᠨ ᠵᠠᠰᠠᠬᠤ ᠲᠠᠯᠠᠪᠠᠢ | 1400 ᠮᠤ᠋ ᠪᠠᠶᠢᠵᠤ᠂ ᠭᠤᠤᠯᠳᠠᠭᠤ ᠳᠡᠭᠡᠷ᠎ᠡ ᠵᠢᠯ ᠤᠨ ᠲᠤᠤᠷᠠᠢ ᠶᠢᠨ ᠬᠤᠷᠤᠬᠠᠢ ᠳᠤ ᠴᠢᠭᠯᠡᠭᠦᠯᠦᠨ᠂ 29% | ᠴᠢᠯᠠᠭᠤᠨ ᠬᠦᠬᠦᠷ ᠤᠨ ᠨᠡᠶᠢᠯᠡᠮᠡᠯ ᠡᠮ ᠢᠶᠠᠷ ᠰᠡᠷᠭᠡᠶᠢᠯᠡᠨ ᠵᠠᠰᠠᠵᠤ ᠪᠠᠶᠢᠨ᠎ᠠ᠃ | ᠲᠤᠰ ᠤᠳᠠᠭᠠᠨ ᠤ ᠰᠡᠷᠭᠡᠶᠢᠯᠡᠯᠲᠡ ᠶᠢᠨ ᠠᠵᠢᠯ ᠨᠢ ᠬᠠᠪᠤᠷ ᠤᠨ ᠤᠢ ᠰᠢᠭᠤᠢ ᠶᠢᠨ ᠬᠦᠨᠦᠭᠡᠯᠲᠦ ᠠᠮᠢᠳᠤ | ᠪᠤᠳᠠᠰ ᠤᠨ ᠪᠠᠶᠢᠴᠠᠭᠠᠠᠯᠲᠠ ᠵᠢᠴᠢ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠪᠤᠳᠠᠳᠤ ᠪᠠᠶᠢᠳᠠᠯ ᠢ | ᠦᠨᠳᠦᠰᠦᠯᠡᠵᠦ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ︾ | ᠵᠢᠴᠢ ︽ᠡᠷᠲᠡ ᠠᠴᠠ ᠰᠡᠷᠭᠡᠶᠢᠯᠡᠬᠦ ︾ ᠵᠠᠷᠴᠢᠮ ᠶᠣᠰᠣᠭᠠᠷ᠂ ᠰᠡᠷᠭᠡᠶᠢᠯᠡᠨ ᠵᠠᠰᠠᠬᠤ ᠭᠤᠤᠯᠳᠠᠯᠭᠠᠲᠦ ᠴᠠᠭ | ᠬᠤᠭᠤᠴᠠᠭ᠎ᠠ ᠪᠠ ᠵᠠᠩᠭᠢᠯᠠᠭ᠎ᠠ ᠶᠢᠨ ᠶᠠᠪᠤᠴᠠ ᠶᠢ ᠴᠢᠩᠭ᠎ᠠ ᠠᠳᠬᠤᠨ᠂ ᠨᠡᠶᠢᠲᠡ ᠳᠤ ᠬᠤᠣᠷᠳᠠᠭᠳᠠᠯ ᠦᠭᠡᠢ ᠡᠮ | ᠨᠠᠶᠢᠷᠠᠯᠭ᠎ᠠ ᠪᠠᠷ ᠰᠡᠷᠭᠡᠶᠢᠯᠡᠨ ᠵᠠᠰᠠᠬᠤ ᠮᠡᠷᠭᠡᠵᠢᠯ ᠤᠨ ᠠᠷᠭ᠎ᠠ ᠬᠡᠮᠵᠢᠶ᠎ᠡ ᠪᠣᠯᠭᠠᠨ᠂ ᠡᠪᠦᠯᠵᠢᠬᠦ ᠬᠥᠨᠥᠭᠡᠯᠲᠡᠢ ᠠᠮᠢᠳᠤ | ᠪᠣᠳᠠᠰ ᠢ ᠪᠦᠲᠦᠮᠵᠢᠲᠡᠶ ᠪᠠᠷ ᠤᠰᠠᠳᠬᠠᠵᠤ᠂ ᠰᠢᠭᠤᠶᠢᠲᠤ ᠣᠷᠣᠨ ᠤ ᠬᠦᠨᠦᠭᠡᠯᠲᠦ ᠬᠤᠷᠣᠬᠠᠢ ᠶᠢᠨ ᠨᠢᠭᠲᠠᠴᠠ ᠶᠢ | ᠪᠠᠭᠤᠷᠠᠭᠤᠯᠵᠤ ᠪᠤᠢ᠃ | |