ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠨ ᠤ ᠶᠡᠷᠦᠩᠬᠡᠢ ᠡᠪᠯᠡᠯ︶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ  ᠤᠶᠢᠵᠢᠭᠤᠯᠤᠯᠲᠠ ᠬᠢᠪᠡ
ᠨᠡᠶᠢᠲᠡᠯᠡᠭᠰᠡᠨ ᠴᠠᠭ᠄
2022/4/11
     4 ᠳ᠋ᠦ᠋ᠭᠡᠷ ᠰᠠᠷ᠎ᠠ ᠶᠢᠨ 7᠎ ᠤ ᠡᠳᠦᠷ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠨ ᠤ ᠶᠡᠷᠦᠩᠬᠡᠢ ᠡᠪᠯᠡᠯ︶᠎  ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠦᠨᠳᠦᠰᠦᠨ ᠱᠠᠲᠤᠨ ᠤ ᠬᠤᠳᠠᠯᠳᠤᠭᠠᠨ ᠤ ᠨᠡᠶᠢᠭᠡᠮᠯᠢᠭ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ 50 ᠬᠥᠮᠥᠨ ᠢ ᠵᠣᠬᠢᠶᠠᠨ ᠪᠠᠶᠢᠭᠤᠯᠵᠤ ︽ᠴᠠᠭ ᠦᠶ᠎ᠡ ᠶᠢᠨ ᠬᠤᠰᠢᠭᠤᠴᠢ︾ ᠰᠥᠬᠡ ᠠᠭᠰᠠᠨ ᠤ ᠤᠶᠢᠵᠢᠭᠤᠯᠤᠯᠳᠠ ᠶᠢᠨ ᠰᠠᠭᠤᠷᠢᠨ ᠭᠠᠵᠠᠷ ᠲᠤ ᠬᠥᠷᠴᠤ᠂ ᠮᠣᠳᠣ ᠳᠠᠷᠢᠵᠤ ᠣᠶᠢᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠤᠯᠠᠨ ᠵᠢᠯ ᠤᠨ ᠲᠤᠷᠰᠢ᠂  ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠨ ᠤ ᠶᠡᠷᠦᠩᠬᠡᠢ ᠡᠪᠯᠡᠯ︶᠎ ᠨᠢ ᠵᠢᠯ  ᠪᠣᠯᠭᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ᠂ ᠬᠤᠳᠠᠯᠳᠤᠭᠠᠴᠢᠳ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ ᠮᠣᠳᠣ ᠳᠠᠷᠢᠬᠤ ᠠᠵᠢᠯᠯᠠᠭ᠎ᠠ ᠥᠷᠨᠢᠭᠦᠯᠬᠦ ᠶᠢ ᠢᠮᠠᠭᠳᠠ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ᠂ ᠪᠣᠬᠢᠷᠳᠤᠯ ᠦᠭᠡᠢ ᠬᠥᠭᠵᠢᠯᠲᠡ ᠶᠢ ᠢᠳᠡᠪᠬᠢᠲᠡᠢ ᠰᠠᠨᠠᠭᠠᠴᠢᠯᠠᠬᠤ ᠶᠢᠨ ᠵᠡᠷᠭᠡᠪᠡᠷ ᠪᠣᠳᠠᠲᠤ ᠦᠢᠯᠡ ᠠᠵᠢᠯᠯᠠᠭ᠎ᠠ ᠪᠠᠷ ᠢᠶᠠᠨ ︽ᠬᠥᠬᠡ ᠠᠭᠤᠯᠡ ᠬᠥᠬᠡᠮᠳᠦᠭ ᠤᠰᠤ ᠪᠣᠯ ᠳᠠᠷᠣᠢ ᠠᠯᠳᠠ ᠮᠥᠩᠭᠦᠨ ᠬᠠᠶᠢᠷᠠᠬᠠᠨ︾ ᠭᠡᠬᠦ ᠬᠥᠭᠵᠢᠯᠲᠡ ᠶᠢᠨ ᠤᠨᠤᠯᠵᠢᠬᠤᠨ ᠢ ᠦᠢᠯᠡᠳᠦᠯᠭᠡᠵᠢᠭᠦᠯᠵᠦ ᠪᠤᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号