ᠤᠷᠴᠢᠨ ᠲᠤᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/4/12
     ᠤᠶᠢᠷ᠎ᠠ ᠶᠢᠨ ᠡᠳᠦᠷ᠂ ᠬᠤᠰᠢᠭᠤᠨ ᠤ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ ᠪᠦᠬᠦ ᠺᠠᠳ᠋ᠷ ᠠᠵᠢᠯᠲᠠᠳ ᠢᠶᠠᠨ ᠵᠤᠬᠢᠶᠠᠨ ᠪᠠᠶᠢᠭᠤᠯᠤᠨ ᠤᠷᠴᠢᠨ ᠲᠤᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠵᠦ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ᠪᠦᠬᠦ ᠤᠯᠤᠰ ᠤᠨ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠳᠤ ᠬᠦᠴᠦᠨ ᠨᠡᠮᠡᠷᠢᠯᠡᠨ᠂ ᠴᠠᠭ ᠦᠶ᠎ᠡ ᠶᠢᠨ ᠰᠢᠨ᠎ᠡ ᠪᠠᠶᠢᠳᠠᠯ ᠢ ᠪᠤᠢ ᠪᠤᠯᠭᠠᠨ᠎ᠠ᠃     ᠤᠯᠠᠭᠠᠨ ᠬᠠᠨᠵᠢᠶᠠᠷ ᠲᠠᠢ᠂ ᠭᠠᠷ ᠲᠤ ᠪᠠᠨ ᠬᠤᠭ ᠰᠠᠪᠠᠯᠠᠬᠤ ᠤᠭᠤᠲᠠ ᠪᠠ ᠬᠤᠭ ᠲᠡᠭᠦᠬᠦ ᠬᠠᠶᠢᠴᠢ ᠪᠠᠷᠢᠭᠰᠠᠨ ᠰᠠᠶᠢᠨ ᠳᠤᠷᠠᠴᠢᠳ ᠮᠠᠨᠢ ᠨᠤᠭᠤ ᠭᠠᠵᠠᠷ ᠤᠨ ᠴᠡᠴᠡᠷᠯᠢᠭ ᠤᠨ ᠨᠤᠭᠤᠭᠠᠷᠠᠭᠤᠯᠤᠯᠲᠠ ᠶᠢᠨ ᠪᠦᠰᠡ᠂ ᠨᠠᠭᠤᠷ ᠤᠨ ᠬᠦᠪᠡᠭᠡ ᠵᠡᠷᠭᠡ ᠭᠠᠵᠠᠷ ᠤᠳ ᠢᠶᠠᠷ ᠬᠠᠶᠠᠭᠳᠠᠮᠠᠯ ᠯᠤᠩᠬᠤ᠂ ᠰᠤᠯᠢᠶᠤᠤ ᠵᠡᠷᠭᠡ ᠶᠢ ᠨᠠᠷᠢᠨ ᠬᠢᠨᠠᠮᠠᠭᠠᠢ ᠴᠡᠪᠡᠷᠯᠡᠨ ᠲᠡᠭᠦᠨ᠎ᠡ᠃ ᠡᠶᠢᠨᠬᠦ ᠬᠠᠭᠠᠰ ᠡᠳᠦᠷ ᠤᠨ ᠴᠠᠭ ᠢ ᠠᠰᠢᠭᠯᠠᠨ᠂ ᠤᠯᠠᠨ ᠢᠶᠠᠷ ᠢᠶᠠᠨ ᠠᠮᠢ ᠠᠬᠤᠢ ᠪᠠᠨ ᠬᠠᠮᠳᠣᠪᠡᠷ ᠬᠠᠮᠠᠭᠠᠯᠠᠵᠤ᠂ ᠤᠷᠴᠢᠨ ᠲᠤᠭᠤᠷᠢᠨ ᠢᠶᠠᠨ ᠰᠠᠶᠢᠵᠢᠷᠠᠭᠤᠯᠵᠤ ᠴᠡᠪᠡᠷᠰᠢᠯᠡᠭᠦᠯᠦᠨ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ᠪᠦᠬᠦ ᠤᠯᠤᠰ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠵᠦ᠂ ᠨᠡᠭᠦᠳᠡᠯ ᠤᠨ ᠰᠢᠪᠠᠭᠤ ᠰᠠᠭᠠᠲᠠᠭᠰᠠᠨ ᠭᠤᠶᠤᠮᠰᠠᠭ ᠦᠵᠡᠮᠵᠢ ᠲᠠᠢ ᠨᠤᠭᠤ ᠭᠠᠵᠠᠷ ᠤᠨ ᠴᠡᠴᠡᠷᠯᠢᠭ ᠲᠤ ᠶᠠᠪᠤᠭᠳᠠᠭᠰᠠᠨ ᠡᠨᠡᠬᠦ ᠰᠠᠶᠢᠨ ᠳᠤᠷᠠᠴᠢᠳ ᠤᠨ ᠦᠢᠯᠡ ᠠᠵᠢᠯᠠᠭ᠎ᠠ ᠨᠢ ᠤᠯᠠᠨ ᠲᠦᠮᠡᠨ ᠳᠤ ᠪᠤᠯᠪᠠᠰᠤᠨ ᠰᠤᠷᠲᠠᠯ ᠤᠨ ᠰᠠᠶᠢᠬᠠᠨ ᠲᠠᠭᠤᠷᠢᠶᠠᠯ ᠪᠤᠯᠤᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号