4 ᠳ᠋ᠦ᠋ᠭᠡᠷ ᠰᠠᠷ᠎ᠠ ᠶᠢᠨ 9 ᠤ ᠡᠳᠤᠷ᠂ ᠮᠠᠨ ᠤ ᠬᠤᠰᠢᠭᠤᠨ ᠤ ᠰᠢᠨ᠎ᠡ ᠪᠠᠷ ᠪᠠᠶᠢᠭᠤᠯᠣᠭᠰᠠᠨ ᠨᠣᠮ ᠤᠨ ᠰᠡᠩ | ᠵᠢᠩᠬᠢᠨᠢ ᠪᠠᠷ ᠡᠬᠦᠳᠡ ᠪᠠᠨ ᠨᠡᠭᠡᠭᠡᠨ ᠡᠷᠦᠬᠡ ᠪᠠᠨ ᠰᠡᠬᠦᠵᠦ᠂ ᠥᠷᠬᠡᠨ ᠣᠯᠠᠨ ᠣᠩᠰᠢᠭᠴᠢᠳ ᠤᠨ ᠨᠣᠮ ᠣᠩᠰᠢᠬᠤ | ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠭᠰᠠᠨ ᠪᠠᠶᠢᠨ᠎ᠠ᠃ ᠬᠢᠵᠢᠭ ᠤᠨ ᠪᠠᠶᠢᠳᠠᠯ ᠢ | ᠪᠠᠶᠢᠩᠭᠤᠵᠢᠭᠤᠯᠤᠨ ᠰᠡᠷᠬᠡᠶᠢᠯᠡᠨ ᠡᠵᠡᠮᠳᠡᠬᠦ ᠠᠵᠢᠯ ᠢ ᠤᠯᠠᠮ ᠰᠠᠶᠢᠳᠤᠷ ᠬᠢᠬᠦ ᠶᠢᠨ ᠳᠣᠰᠠᠳᠠ᠂ ᠨᠣᠮ ᠤᠨ ᠰᠠᠩ ᠳᠤ | ᠣᠷᠣᠬᠤ ᠳᠤ ᠵᠠᠪᠠᠯ ᠤᠷᠢᠳᠴᠢᠯᠠᠨ ᠪᠣᠯᠵᠣᠬᠤ ᠳᠦᠷᠢᠮ ᠢ ᠬᠡᠷᠡᠭᠵᠢᠭᠦᠯᠵᠦ᠂ ᠨᠢᠭᠡ ᠡᠳᠦᠷ ᠲᠤ 40 ᠬᠦᠮᠦᠨ ᠤ | ᠳᠤᠭ᠎ᠠ ᠪᠠᠷ ᠬᠢᠵᠠᠭᠠᠷᠯᠠᠵᠦ ᠪᠤᠢ᠃ | ᠨᠡᠭᠡᠭᠡᠯᠳᠡ ᠬᠢᠭᠰᠡᠨ ᠠᠩᠬᠠᠨ ᠤ ᠡᠳᠤᠷ᠂ ᠮᠠᠰᠢ ᠣᠯᠠᠨ ᠨᠣᠮ ᠤᠨ ᠬᠤᠷᠣᠬᠠᠶᠢᠳᠠᠳ ᠠᠳᠡ ᠳᠤ ᠴᠣᠭᠯᠠᠷᠠᠵᠤ᠂ | ᠬᠤᠪᠢ ᠬᠤᠪᠢ ᠶᠢᠨ ᠥᠵᠡᠬᠦ ᠳᠤᠷᠡᠲᠠᠢ ᠨᠣᠮ ᠢᠶᠠᠨ ᠳᠡᠯᠭᠡᠨ᠂ ᠣᠶᠣᠨ ᠳᠡᠷᠢᠬᠢ ᠪᠠᠨ ᠬᠤᠷᠴᠠᠯᠠᠨ᠎ᠠ᠃ ᠬᠡᠣᠬᠡᠳ | ᠪᠠᠭᠠᠴᠤᠳ ᠤᠨ ᠣᠩᠰᠢᠯᠭ᠎ᠠ ᠶᠢᠨ ᠳᠠᠰᠤᠭ ᠲᠤ᠂ ᠬᠡᠣᠬᠡᠳ ᠤᠳ ᠮᠠᠨᠢ ᠴᠦ ᠠᠪᠤ ᠡᠵᠢ ᠲᠠᠢ ᠪᠠᠨ ᠬᠠᠮᠳᠤ ᠪᠠᠶᠠᠷ | ᠬᠥᠷ ᠲᠠᠢ ᠪᠠᠷ ᠨᠣᠮ ᠥᠵᠡᠬᠦ ᠪᠣᠶᠤ ᠳᠠᠰᠬᠠᠯ ᠳᠠᠭᠠᠯᠭᠠᠪᠣᠷᠢ ᠪᠠᠨ ᠬᠢᠵᠦ ᠬᠠᠷᠠᠭᠳᠠᠨ᠎ᠠ᠃ ᠨᠣᠮ ᠤᠨ ᠰᠠᠩ ᠳᠤ ᠨᠣᠮ | ᠤᠩᠰᠢᠬᠤ ᠬᠠᠪᠤ ᠴᠡᠩᠭᠡᠯ ᠢ ᠡᠳ᠋ᠯᠡᠬᠦ ᠠᠴᠠ ᠭᠠᠳᠠᠨ᠎ᠠ᠂ ᠤᠩᠰᠢᠭᠴᠢᠳ ᠪᠠᠰᠠ ᠪᠡᠶ᠎ᠡ ᠶᠢᠨ ᠦᠨᠡᠮᠯᠡᠯ ᠢᠶᠠᠷ ᠢᠶᠠᠨ | ᠵᠢᠭᠡᠯᠡᠨ ᠤᠩᠰᠢᠬᠤ ᠦᠢᠯᠡᠴᠢᠯᠡᠭᠡ ᠬᠢᠵᠦ ᠪᠣᠯᠣᠨ᠎ᠠ᠃ | ᠣᠶᠢᠯᠠᠭᠠᠭᠰᠠᠨ ᠢᠶᠠᠷ᠂ ᠰᠢᠨ᠎ᠡ ᠪᠠᠷ ᠪᠠᠶᠢᠭᠤᠯᠤᠭᠰᠠᠨ ᠨᠣᠮ ᠤᠨ ᠰᠠᠩ ᠤᠨ ᠪᠠᠷᠢᠯᠭ᠎ᠠ ᠶᠢᠨ ᠲᠠᠯᠠᠪᠠᠶ ᠨᠢ | 3000 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠠᠳᠠᠭᠠᠯᠠᠬᠤ᠂ ᠵᠢᠭᠡᠯᠡᠬᠦ᠂ ᠤᠩᠰᠢᠬᠤ ᠶᠢ ᠨᠢᠭᠡ | ᠴᠣᠭᠴᠠᠵᠢᠭᠤᠯᠤᠭᠰᠠᠨ ᠨᠣᠮ ᠤᠩᠰᠢᠬᠤ ᠲᠣᠭᠤᠷᠢᠭ᠂ ᠰᠣᠨᠢᠨ ᠰᠡᠳᠬᠦᠯ ᠤᠩᠰᠢᠬᠤ ᠲᠣᠭᠤᠷᠢᠭ᠂ ᠣᠶᠣᠨᠴᠢ ᠨᠣᠮ | ᠤᠩᠰᠢᠬᠤ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠵᠡᠷᠭᠡ 12 | ᠦᠢᠯᠡᠴᠢᠯᠡᠭᠡᠨ ᠤ ᠴᠣᠩᠬᠤᠪᠴᠢ ᠶᠢ ᠲᠣᠬᠢᠷᠠᠭᠤᠯᠵᠤ᠂ ᠵᠢᠯ ᠪᠦᠷᠢ ᠳᠤᠮᠳᠠᠴᠢ ᠪᠠᠷ 2 ᠲᠦᠮᠡ ᠠᠴᠠ ᠳᠡᠭᠡᠭᠰᠢ | ᠬᠦᠮᠦᠨ ᠤᠳᠠᠭ᠎ᠠ ᠳᠤ ᠤᠶᠢᠯᠡᠴᠢᠯᠡᠬᠦ ᠪᠣᠯᠣᠨ᠎ᠠ᠃ ᠡᠬᠦᠨ ᠳᠤ ᠤᠩᠰᠢᠯᠭ᠎ᠠ ᠶᠢᠨ ᠰᠠᠭᠤᠳᠠᠯ 450 ᠰᠠᠭᠤᠳᠠᠯ ᠲᠠᠢ᠂ | ᠨᠣᠮ ᠪᠢᠴᠢᠭ ᠤᠨ ᠶᠡᠷᠦᠩᠬᠡᠢ ᠬᠠᠳᠠᠭᠠᠯᠠᠮᠵᠢ 64447 ᠳᠡᠪᠲᠡᠷ᠂ ᠨᠣᠮ ᠪᠢᠴᠢᠭ 54931 ᠳᠡᠪᠲᠡᠷ᠂ ᠰᠣᠨᠢᠨ | ᠰᠡᠳᠬᠦᠯ 9516 ᠳᠡᠪᠲᠡᠷ᠂ ᠬᠠᠷᠠᠭᠠᠨ ᠰᠠᠭᠠᠳ ᠲᠠᠢ ᠬᠥᠮᠥᠰ ᠤᠨ ᠥᠵᠡᠭᠦ ᠪᠢᠴᠢᠭ ᠨᠣᠮ 74 ᠳᠡᠪᠲᠡᠷ ᠪᠠᠶᠢᠵᠦ᠂ | ᠵᠢᠭᠡᠯᠡᠨ ᠤᠩᠰᠢᠬᠤ᠂ ᠰᠤᠷᠤᠯᠴᠠᠬᠤ᠂ ᠰᠣᠯᠢᠯᠴᠠᠬᠤ᠂ ᠳᠡᠯᠭᠡᠨ ᠦᠵᠡᠭᠦᠯᠬᠦ ᠶᠢ ᠨᠢᠭᠡ ᠴᠣᠭᠴᠠᠵᠢᠭᠤᠯᠤᠭᠰᠠᠨ | ᠶᠡᠷᠦᠩᠬᠡᠶᠢᠯᠡᠭᠰᠡᠨ ᠴᠢᠨᠠᠷᠲᠠᠢ ᠤᠯᠠᠨ ᠨᠡᠶᠢᠲᠡ ᠶᠢᠨ ᠨᠣᠮ ᠤᠨ ᠰᠠᠩ ᠪᠣᠯᠣᠨ᠎ᠠ᠃ | |