4 ᠳ᠋ᠦ᠋ᠭᠡᠷ ᠰᠠᠷ᠎ᠠ ᠶᠢᠨ 11 ᠤ ᠡᠳᠤᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠳᠡᠰ ᠤᠨ ᠲᠠᠷᠤᠭ᠎ᠠ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠯᠪᠠᠨ ᠭᠡᠷ ᠤᠨ ᠡᠷᠬᠢᠯᠡᠭᠴᠢ | ᠴᠢ ᠶᠦᠩ ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠢ ᠲᠠᠭᠠᠭᠤᠯᠤᠨ ᠬᠡᠰᠡᠭ ᠰᠢᠯᠭᠠᠨ ᠦᠨᠡᠯᠡᠬᠦ ᠴᠡᠭ ᠲᠤ | ᠬᠦᠷᠴᠤ ᠪᠠᠶᠢᠴᠠᠭᠠᠨ ᠦᠵᠡᠬᠦ ᠶᠢᠨ ᠲᠠᠭᠤ ᠳᠤ ᠲᠤᠬᠠᠢ ᠶᠢᠨ ᠲᠠᠯᠠᠪᠤᠷ ᠲᠤ ᠠᠯᠪᠠᠯᠠᠨ ᠠᠵᠢᠯᠯᠠᠵᠤ᠂ ᠮᠠᠨ ᠤ | ᠬᠤᠰᠢᠭᠤᠨ ᠤ ᠪᠦᠬᠦ ᠤᠯᠤᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ︽ᠵᠠᠭᠤᠨ ᠡᠳᠤᠷ ᠤᠨ | ᠰᠢᠪᠳᠣᠯᠣᠯᠳᠠ ᠶᠢᠨ ᠠᠵᠢᠯᠯᠭ᠎ᠠ︾ ᠶᠢᠨ ᠪᠤᠳᠠᠳᠠᠢ ᠦᠷ᠎ᠡ ᠪᠦᠳᠦᠮᠵᠢ ᠤᠯᠬᠤ ᠶᠢ ᠲᠦᠯᠬᠢᠨ ᠠᠬᠢᠭᠤᠯᠪᠠ᠃ | ᠬᠤᠰᠢᠭᠤᠨ ᠤ ᠲᠡᠳ᠋ ᠲᠠᠷᠤᠭ᠎ᠠ ᠵᠠᠩ ᠬᠠᠢ ᠮᠢᠩ᠂ ᠬᠤᠰᠢᠭᠤᠨ ᠤ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ | ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠦᠮᠦᠨ ᠤ ᠬᠦᠴᠤ ᠪᠠ ᠨᠡᠶᠢᠬᠡᠮ ᠤᠨ ᠪᠠᠲᠤᠯᠠᠭᠠᠨ ᠤ | ᠲᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ᠂ ᠵᠠᠬ᠎ᠠ | ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠬᠤᠳᠠ ᠶᠢᠨ ᠬᠠᠮᠢᠶᠠᠷᠤᠯᠳᠠ ᠶᠢᠨ ᠶᠡᠷᠤᠩᠭᠡᠶᠢᠯᠡᠭᠰᠡᠨ | ᠬᠠᠤᠯᠢ ᠬᠡᠷᠡᠭᠵᠢᠬᠦᠯᠬᠦ ᠲᠤᠪᠴᠢᠶ᠎ᠠ ᠵᠢᠴᠢ ᠲᠠᠯᠠᠶᠢᠬᠦ᠋ᠪ ᠪᠠᠯᠭᠠᠰᠤᠨ ᠤ ᠡᠯ᠎ᠡ ᠨᠡᠶᠢᠬᠡᠮ ᠲᠤᠭᠤᠷᠢᠭ ᠤᠨ ᠬᠠᠮᠢᠶᠠᠲᠢ | ᠬᠠᠷᠢᠭᠤᠴᠠᠯᠭᠠᠳᠠᠨ ᠨᠠᠷ ᠱᠠᠯᠠᠪᠳᠠᠭᠤᠯᠤᠨ ᠪᠠᠶᠢᠴᠠᠭᠠᠬᠤ ᠠᠵᠢᠯᠯᠠᠭ᠎ᠠ ᠳᠤ ᠤᠷᠤᠯᠴᠠᠪᠠ᠃ | ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠤᠷᠢᠳ ᠬᠤᠵᠢᠳ ᠴᠢᠩᠭᠢᠰ ᠵᠠᠬ᠎ᠠ ᠲᠡᠯᠭᠡᠭᠦᠷ᠂ ᠵᠢᠩ | ᠶᠠᠩ ᠵᠤᠴᠢᠳ ᠤᠨ ᠪᠠᠭᠤᠳᠠᠯ ᠤᠨ ᠤᠷᠴᠢᠨ ᠲᠤᠭᠤᠷᠢᠨ᠂ ᠰᠤᠪᠨᠠᠭᠤᠷ ᠵᠠᠮ᠂ ᠴᠢᠩ ᠶᠤᠸᠠᠨ ᠰᠠᠭᠤᠭᠠᠯᠢ | ᠠᠷᠠᠳ ᠤᠨ ᠲᠤᠭᠤᠷᠢᠭ ᠵᠡᠷᠭᠡ ᠭᠠᠵᠠᠷ ᠤᠳ ᠢᠶᠠᠷ ᠬᠦᠷᠴᠤ᠂ ᠪᠠᠷᠢᠯᠭ᠎ᠠ ᠶᠢᠨ ᠭᠠᠳᠠᠷ ᠲᠠᠯ᠎ᠠ᠂ ᠱᠠᠳᠤ ᠵᠡᠷᠭᠡ ᠶᠢᠨ | ᠡᠪᠳᠡᠷᠡᠵᠤ ᠰᠦᠢᠳᠦᠭᠰᠡᠨ᠂ ᠲᠡᠷᠭᠡ ᠵᠤᠭᠰᠤᠬᠤ ᠡᠮᠬᠢ ᠲᠢᠭᠯᠢᠮ᠂ ᠪᠠᠷᠢᠯᠭ᠎ᠠ ᠶᠢᠨ ᠬᠤᠭ ᠨᠤᠪᠰᠢ ᠪᠤᠯᠤᠨ | ᠭᠠᠳᠠᠨ᠎ᠠ ᠠᠴᠠ ᠢᠷᠡᠵᠤ ᠠᠵᠢᠯ ᠬᠦᠳᠡᠯᠮᠤᠷᠢ ᠬᠢᠵᠤ ᠪᠠᠶᠢᠭ᠎ᠠ ᠬᠦᠮᠦᠰ ᠤᠨ ᠠᠮᠢᠳᠤᠷᠠᠯ ᠤᠨ ᠬᠤᠭ ᠨᠤᠪᠰᠢ᠂ | ᠠᠮᠠᠪᠴᠢ ᠵᠡᠭᠦᠭᠰᠡᠨ ᠦᠭᠡᠢ ᠪᠤᠶᠤ ᠲᠡᠮᠠᠬᠢᠨ ᠲᠤᠯᠤᠭᠠᠢ ᠶᠢ ᠲᠤᠷ᠎ᠠ ᠪᠠᠷ ᠬᠠᠶᠠᠬᠤ᠂ ᠲᠤᠷ᠎ᠠ ᠪᠠᠷ ᠪᠠᠷᠢᠯᠭ᠎ᠠ ᠪᠠᠷᠢᠬᠤ᠂ | ᠤᠯᠠᠨ ᠨᠡᠶᠢᠳᠡ ᠶᠢᠨ ᠨᠤᠭᠤᠭᠠᠷᠠᠭᠤᠯᠤᠯᠳᠠ ᠶᠢᠨ ᠭᠠᠵᠠᠷ ᠢ ᠡᠵᠡᠯᠡᠨ ᠨᠤᠭᠤᠭ᠎ᠠ ᠲᠠᠷᠢᠬᠤ ᠪᠤᠶᠤ ᠲᠡᠵᠢᠭᠡᠨ | ᠦᠷᠡᠵᠢᠬᠦᠯᠦᠭᠰᠡᠨ ᠵᠡᠷᠭᠡ ᠬᠠᠮᠢᠶ᠎ᠠ ᠪᠦᠬᠦᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠤ ᠬᠢᠨᠠᠨ | ᠵᠢᠯᠤᠭᠤᠳᠬᠤ ᠶᠢᠨ ᠬᠠᠮᠳᠤ ᠴᠡᠭᠴᠡᠯᠡᠨ ᠵᠠᠰᠠᠬᠤ ᠰᠠᠨᠠᠯ ᠢ ᠲᠤᠷᠠᠳᠴᠡᠢ᠃ | ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠠᠴᠠ ᠵᠢᠭᠠᠵᠤ ᠭᠠᠷᠭᠠᠬᠤ ᠳᠠᠭᠠᠨ᠄ ᠪᠦᠬᠦ ᠤᠯᠤᠰ ᠤᠨ | ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠠᠭᠤᠨ ᠡᠳᠤᠷ ᠤᠨ ᠰᠢᠪᠳᠤᠯᠤᠯᠳᠠ ᠶᠢᠨ ᠠᠵᠢᠯᠯᠠᠭ᠎ᠠ ᠶᠢ | ᠬᠡᠷᠡᠭᠵᠢᠬᠦᠯᠵᠤ ᠪᠠᠶᠢᠬᠤ ᠨᠢ ᠬᠤᠳᠠ ᠶᠢᠨ ᠪᠦᠬᠦᠯᠢ ᠴᠤᠭᠴᠠ ᠶᠢᠨ ᠲᠦᠷᠢ ᠲᠦᠷᠬᠦ ᠶᠢ ᠲᠡᠭᠡᠭᠰᠢᠯᠡᠬᠦᠯᠵᠤ᠂ ᠡᠭᠦᠳᠦᠨ | ᠪᠠᠶᠢᠭᠤᠯᠬᠤ ᠦᠷ᠎ᠡ ᠪᠦᠳᠦᠮᠵᠢ ᠶᠢ ᠪᠠᠳᠤᠳᠬᠠᠨ᠂ ᠮᠠᠨ ᠤ ᠬᠤᠰᠢᠭᠤᠨ ᠤ ᠪᠦᠬᠦ ᠤᠯᠤᠰ ᠤᠨ ᠪᠤᠯᠪᠠᠰᠤᠨ ᠬᠤᠳᠠ ᠶᠢ | ᠡᠭᠦᠳᠦᠨ ᠪᠠᠶᠢᠭᠤᠯᠬᠤ ᠰᠢᠯᠭᠠᠷᠠᠭᠤᠯᠤᠯᠳᠠ ᠳᠤ ᠤᠷᠤᠯᠴᠠᠬᠤ ᠬᠢᠷᠢ ᠭᠡᠮ ᠢ ᠤᠷᠤᠭᠰᠢᠲᠠᠢ ᠤᠯᠬᠤ ᠶᠢ ᠪᠠᠳᠤᠯᠠᠵᠤ᠂ | ᠡᠭᠦᠳᠦᠨ ᠪᠠᠶᠢᠭᠤᠯᠬᠤ ᠬᠠᠷᠠᠯᠳᠠ ᠪᠠᠨ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠳᠤ ᠰᠢᠢᠳᠪᠤᠷᠢᠯᠡᠭᠴᠢ | ᠴᠢᠨᠠᠷᠲᠠᠢ ᠦᠢᠯᠡᠳᠦᠯ ᠲᠠᠢ ᠶᠤᠮ᠃ ᠡᠶᠢᠮᠤ ᠠᠴᠠ ᠪᠠᠨ ᠡᠯ᠎ᠡ ᠰᠠᠯᠠᠭ᠎ᠠ ᠮᠦᠴᠢᠷ ᠤᠨ ᠬᠢᠨ ᠡᠷᠬᠡᠪᠰᠢ ᠪᠤᠯᠪᠠᠰᠤᠨ | ᠬᠤᠳᠠ ᠶᠢ ᠡᠭᠦᠳᠦᠨ ᠪᠠᠶᠢᠭᠤᠯᠬᠤ ︽ᠵᠠᠭᠤᠨ ᠡᠳᠤᠷ ᠤᠨ ᠰᠢᠪᠳᠤᠯᠤᠯᠳᠠ ᠶᠢᠨ ᠠᠵᠢᠯᠯᠠᠭ᠎ᠠ︾ ᠶᠢᠨ ᠱᠠᠭᠠᠷᠳᠠᠯᠭ᠎ᠠ | ᠶᠤᠰᠤᠭᠠᠷ᠂ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠨᠠᠶᠢᠳᠠᠪᠤᠷᠢᠵᠢᠭᠤᠯᠵᠤ᠂ ᠪᠤᠯᠪᠠᠰᠤᠨ ᠬᠤᠳᠠ ᠶᠢ ᠡᠭᠦᠳᠦᠨ | ᠪᠠᠶᠢᠭᠤᠯᠬᠤ ᠡᠯ᠎ᠡ ᠲᠦᠷᠦᠯ ᠤᠨ ᠠᠵᠢᠯ ᠤᠨ ᠪᠤᠳᠠᠳᠤ ᠦᠷ᠎ᠡ ᠪᠦᠳᠦᠮᠵᠢ ᠤᠯᠬᠤ ᠶᠢ ᠪᠦᠬᠦ ᠬᠦᠴᠦᠨ ᠢᠶᠠᠷ | ᠠᠬᠢᠭᠤᠯᠬᠤ ᠬᠡᠷᠡᠭᠲᠠᠢ᠃ ᠮᠦᠨᠴᠤ ᠬᠤᠳᠠ ᠶᠢᠨ ᠰᠠᠭᠤᠷᠢ ᠲᠦᠭᠦᠭᠡᠷᠤᠮᠵᠢ᠂ ᠲᠤᠬᠠᠢ ᠶᠢᠨ ᠭᠠᠵᠠᠷ ᠲᠤ ᠰᠢᠯᠭᠠᠨ | ᠦᠨᠡᠯᠡᠬᠦ ᠴᠡᠭ᠂ ᠰᠠᠭᠤᠭᠠᠯᠢ ᠠᠷᠠᠳ ᠤᠨ ᠪᠤᠯᠪᠠᠰᠤᠨ ᠬᠡᠪ ᠪᠤᠯᠪᠠᠰᠤᠷᠠᠯ᠂ ᠰᠦᠯᠵᠢᠶᠡᠨ ᠲᠡᠭᠡᠷ᠎ᠡ ᠭᠤᠶᠤᠴᠢᠯᠠᠨ | ᠮᠡᠳᠡᠬᠦᠯᠬᠦ ᠮᠠᠲ᠋ᠧᠷᠢᠶᠠᠯ ᠵᠡᠷᠭᠡ ᠲᠦᠷᠪᠡᠨ ᠶᠡᠭᠡ ᠲᠡᠭᠡᠭᠰᠢᠯᠡᠬᠦᠯᠬᠦ ᠢᠨᠵᠧᠨᠧᠷᠢᠩ ᠳᠤ ᠠᠩᠬᠠᠷᠤᠯ ᠢᠶᠠᠨ ᠲᠦᠪᠯᠡᠷᠡᠬᠦᠯᠵᠤ᠂ | ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠤᠮᠳᠠ ᠲᠤᠯᠭᠠᠷᠠᠵᠤ ᠪᠦᠬᠦᠢ ᠬᠦᠴᠢᠷ ᠠᠰᠠᠭᠤᠳᠠᠯ ᠢ | ᠪᠦᠬᠦ ᠲᠠᠯ᠎ᠠ ᠪᠠᠷ ᠡᠮᠬᠢᠯᠡᠨ᠂ ᠠᠵᠢᠯ ᠤᠨ ᠬᠤᠭᠤᠴᠠᠭ᠎ᠠ ᠪᠠᠨ ᠵᠤᠬᠢᠰᠲᠠᠢ ᠲᠤᠬᠢᠷᠠᠭᠤᠯᠵᠤ᠂ ᠬᠤᠳᠠ ᠶᠢᠨ ᠪᠦᠬᠦᠯᠢ | ᠴᠤᠭᠴᠠ ᠶᠢᠨ ᠲᠦᠷᠢ ᠲᠦᠷᠬᠦ ᠶᠢ ᠶᠡᠬᠡᠪᠡᠷ ᠲᠡᠭᠡᠭᠰᠢᠯᠡᠬᠦᠯᠦᠨ᠂ ᠬᠤᠳᠠ ᠶᠢᠨ ᠵᠠᠰᠠᠯᠳᠠ ᠶᠢᠨ ᠰᠢᠨ᠎ᠡ | ᠰᠢᠪᠳᠤᠯᠤᠯᠳᠠ ᠶᠢ ᠪᠡᠶᠡᠯᠡᠬᠦᠯᠬᠦ ᠬᠡᠷᠡᠭᠲᠠᠢ ᠭᠡᠪᠡ᠃ | ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠠᠴᠠ ᠴᠢᠬᠤᠯᠠᠴᠢᠯᠠᠬᠤ ᠳᠠᠭᠠᠨ᠄ ᠡᠯ᠎ᠡ ᠰᠠᠯᠠᠭ᠎ᠠ ᠮᠦᠴᠢᠷ | ᠡᠷᠬᠡᠪᠰᠢ ᠪᠦᠬᠦ ᠨᠡᠶᠢᠬᠡᠮ ᠤᠨ ᠡᠬᠢ ᠪᠠᠶᠠᠯᠢᠭ ᠤᠨ ᠬᠦᠴᠦᠨ ᠢ ᠭᠦᠢᠴᠡᠳ ᠲᠠᠶᠢᠴᠢᠯᠠᠨ᠂ ᠰᠠᠭᠤᠷᠢ | ᠲᠦᠭᠦᠭᠡᠷᠤᠮᠵᠢ ᠶᠢᠨ ᠪᠦᠳᠦᠭᠡᠨ ᠪᠠᠶᠢᠭᠤᠯᠤᠯᠳᠠ᠂ ᠬᠤᠳᠠ ᠶᠢᠨ ᠤᠯᠠᠨ ᠨᠡᠶᠢᠳᠡ ᠶᠢᠨ ᠦᠢᠯᠡᠴᠢᠯᠡᠭᠡ᠂ ᠬᠤᠳᠠ ᠶᠢᠨ | ᠬᠠᠮᠢᠶᠠᠷᠤᠯᠳᠠ ᠬᠠᠮᠠᠭᠠᠯᠠᠯᠳᠠ᠂ ᠨᠡᠶᠢᠳᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠬᠠᠭᠤᠯᠭ᠎ᠠ᠂ ᠰᠠᠭᠤᠭᠠᠯᠢ | ᠠᠷᠠᠳ ᠤᠨ ᠪᠤᠯᠪᠠᠰᠤᠨ ᠤ ᠬᠦᠮᠦᠵᠢᠯ᠂ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠵᠡᠷᠭᠡ ᠠᠵᠢᠯ ᠤᠨ | ᠲᠠᠯ᠎ᠠ ᠪᠠᠷ ᠬᠢ ᠲᠡᠮᠵᠢᠯᠭᠡ ᠪᠠᠨ ᠨᠡᠮᠡᠭᠳᠡᠬᠦᠯᠵᠤ᠂ ︽ᠵᠠᠭᠤᠨ ᠡᠳᠤᠷ ᠤᠨ ᠰᠢᠪᠳᠤᠯᠤᠯᠳᠠ ᠶᠢᠨ ᠠᠵᠢᠯᠯᠠᠭ᠎ᠠ︾ ᠶᠢᠨ | ᠤᠷᠤᠭᠰᠢᠲᠠᠢ ᠶᠠᠪᠤᠭᠳᠠᠬᠤ ᠶᠢ ᠪᠠᠳᠤᠯᠠᠨ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠭᠦᠢᠴᠡᠳᠬᠡᠯ | ᠲᠤᠭ᠎ᠠ ᠶᠢᠨ ᠡᠭᠦᠷᠭᠡ ᠶᠢ ᠪᠠᠷᠢᠮᠵᠢᠶ᠎ᠠ ᠳᠤ ᠬᠦᠷᠬᠦ ᠶᠢ ᠠᠬᠢᠭᠤᠯᠬᠤ ᠬᠡᠷᠡᠭᠲᠠᠢ ᠭᠡᠯᠡ᠃ |