ᠡᠵᠡᠨ᠎ᠡ ᠶᠢᠨ ᠰᠠᠨᠰᠠᠷ ᠤᠨ ᠠᠶᠠᠯᠠᠯ ᠤᠨ ᠤᠯᠠ ᠮᠦᠷ
ᠨᠡᠶᠢᠲᠡᠯᠡᠭᠰᠡᠨ ᠴᠠᠭ᠄
2022/4/18
     ᠡᠵᠡᠨ᠎ᠡ ᠭᠤᠣᠯ ᠤᠨ ᠬᠥᠪᠡᠭᠡᠨ ᠳᠤ ᠳ᠋ᠦᠩᠹᠧᠩ ᠰᠠᠨᠰᠠᠷ ᠤᠨ ᠬᠤᠲᠠ ᠬᠡᠮᠡᠬᠦ ᠨᠢᠭᠡᠨ ᠬᠤᠳᠠ ᠰᠠᠭᠤᠷᠢᠰᠢᠵᠤ ᠪᠠᠶᠢᠳᠠᠭ᠃ 64 ᠵᠢᠯ ᠤᠨ ᠲᠤᠷᠰᠢ᠂ ᠡᠵᠡᠨ᠎ᠡ ᠶᠢᠨ ᠠᠷᠠᠳ ᠲᠦᠮᠡᠨ ᠰᠢᠨ᠎ᠡ ᠳᠤᠮᠳᠠᠳᠤ ᠤᠯᠤᠰ ᠤᠨ ᠰᠠᠨᠰᠠᠷ ᠠᠶᠠᠯᠠᠯ ᠤᠨ ᠦᠢᠯᠡᠰ ᠤᠨ ᠲᠥᠯᠥᠭᠡ ᠠᠭᠤᠤ ᠶᠡᠭᠡ ᠵᠢᠳᠬᠦᠯ ᠢ ᠭᠠᠷᠭᠠᠭᠰᠠᠨ ᠶᠤᠮ᠃ ᠬᠥᠮᠥᠰ ᠤᠨ ᠰᠡᠳᠬᠢᠯ ᠢ ᠳᠣᠭᠳᠣᠯᠣᠭᠤᠯᠤᠭᠰᠠᠨ ᠦᠯᠢᠭᠡᠷ ᠲᠡᠦᠬᠡ ᠪᠠᠨ ᠡᠨᠡᠬᠦ ᠰᠢᠵᠢᠷ ᠠᠯᠲᠠᠨ ᠬᠥᠷᠥᠰᠦᠨ ᠳᠤ ᠲᠠᠮᠠᠭᠠᠯᠠᠨ ᠦᠯᠡᠳᠡᠭᠡᠵᠡᠢ᠃      ᠡᠵᠡᠨ᠎ᠡ ᠬᠢᠬᠡᠳ ᠰᠠᠨᠰᠠᠷ ᠠᠶᠠᠯᠠᠯ ᠤᠨ ᠦᠢᠯᠡᠰ ‍ᠤᠨ‌‍ᠰᠠᠯᠤᠰᠢ ᠦᠭᠡᠢ ᠪᠠᠷᠢᠯᠳᠤᠯᠭ᠎ᠠ ᠶᠢ ᠤᠶᠢᠯᠠᠭᠠᠶ᠎ᠠ ᠭᠡᠪᠡᠯ᠂ ᠵᠠᠪᠠᠯ ︽ᠲᠤᠤᠷᠠᠢ ᠮᠤᠳᠤᠨ ᠤ ᠰᠢᠨᠳᠠᠰᠤ᠂ ᠰᠠᠨᠰᠠᠷ ᠠᠶᠠᠯᠠᠯ ᠤᠨ ᠰᠡᠳᠬᠢᠯᠭᠡ᠂ ᠲᠤᠮᠳᠠᠳᠤ ᠶᠢᠨ ᠬᠦᠰᠡᠯᠡᠩ︾ ᠭᠡᠭᠦ ᠭᠤᠤᠯ ᠰᠡᠳᠤᠪᠳᠤ ᠭᠡᠷᠡᠯ ᠵᠢᠷᠤᠭ ᠤᠨ ᠳᠢᠩᠬᠢᠮ ᠳᠤ ᠬᠦᠷᠴᠦ ᠳᠤᠭᠤᠷᠢᠨ ᠥᠵᠡᠪᠡᠯ ᠨᠡᠩ ᠬᠦᠨ ᠤᠶᠢᠯᠠᠭᠠᠯᠳᠠ ᠲᠠᠢ ᠪᠣᠯᠬᠤ ᠪᠤᠯᠤᠨ᠎ᠠ᠃ ᠦᠵᠡᠬᠦᠯᠦᠯᠭᠡ ᠶᠢᠨ ᠲᠢᠩᠭᠢᠮ ᠳᠠᠬᠢ ᠡᠵᠡᠨ᠎ᠡ ᠬᠤᠰᠢᠭᠤᠨ ᠤ ᠮᠠᠯᠴᠢᠨ ᠠᠷᠠᠳ ᠤᠨ       ᠨᠡᠭᠦᠳᠡᠯ ᠤᠨ ᠱᠤᠭᠤᠮ ᠤᠨ ᠵᠢᠷᠤᠭ ᠢ ᠬᠠᠷᠠᠭᠠᠳ ᠭᠡᠷᠡᠯ ᠡᠵᠢ ᠮᠠᠨᠢ ᠥᠪᠡᠷ ᠤᠨ ᠡᠷᠬᠡ ᠦᠭᠡᠢ 1958 ᠤᠨ ᠤ ᠨᠡᠭᠦᠳᠡᠯ ᠢᠶᠠᠨ ᠡᠷᠬᠢᠴᠡᠬᠦᠯᠦᠨ ᠶᠠᠷᠢᠯ᠎ᠠ᠃ ᠡᠬᠡ ᠤᠯᠤᠰ ᠤᠨ ᠢᠶᠠᠨ ᠪᠠᠲᠤᠯᠠᠨ ᠬᠠᠮᠠᠭᠠᠯᠠᠯᠳᠠ ᠶᠢᠨ ᠤᠶᠢᠯᠡᠰ ᠤᠨ ᠳᠦᠯᠦᠭᠡ ᠡᠵᠡᠨ᠎ᠡ ᠶᠢᠨ ᠮᠠᠯᠴᠢᠨ ᠠᠷᠠᠳ ᠮᠠᠨᠢ ᠦᠶ᠎ᠡ ᠶᠢᠨ ᠦᠶ᠎ᠡ ᠪᠠᠷ ᠤᠷᠤᠰᠢᠨ ᠠᠮᠢᠳᠤᠷᠠᠵᠤ ᠪᠠᠶᠢᠭᠰᠠᠨ ᠨᠤᠲᠤᠭ ᠤᠰᠤᠨ ᠠᠴᠠ ᠪᠠᠨ ᠨᠡᠭᠦᠨ ᠭᠠᠷᠴᠤ᠂ ᠤᠷᠳᠤ ᠬᠤᠭᠤᠴᠠᠭᠠᠨ ᠤ ᠨᠡᠭᠦᠳᠡᠯ ᠠᠮᠢᠳᠤᠷᠠᠯ ᠢᠶᠠᠨ ᠡᠬᠢᠯᠡᠬᠦᠯᠦᠭᠰᠡᠨ       ᠶᠤᠮ᠃      ᠭᠡᠷᠡᠯ ᠡᠵᠢ ᠠᠴᠠ᠂ ᠤᠯᠠᠨ ᠭᠠᠵᠠᠷ  ᠎ ᠢᠶᠠᠷ ᠨᠡᠭᠦᠳᠡᠯ ᠬᠢᠵᠤ ᠶᠠᠪᠤᠭᠰᠠᠨ᠂ ᠲᠡᠷᠡ ᠦᠶ᠎ᠡ ᠳᠤ ᠪᠢ ᠰᠠᠶ᠋ᠢ 6 ᠨᠠᠰᠤᠳᠠᠢ᠂ ᠠᠭᠤᠯᠠᠨ ᠭᠠᠵᠠᠷ ᠲᠤ ᠨᠡᠭᠦᠳᠡᠯ ᠬᠢᠵᠤ ᠪᠠᠶᠢᠬᠤ ᠳᠤ ᠰᠦᠨᠢ ᠳᠤ ᠪᠠᠨ ᠪᠠᠰᠠ ᠴᠢᠨ᠋ᠸ᠎ᠠ ᠲᠤᠤᠭᠤᠷᠴᠤ ᠶᠡᠭᠡ ᠠᠶᠤᠳᠠᠭ ᠪᠠᠶᠢᠭᠰᠠᠨ ᠭᠡᠵᠦ ᠪᠠᠶᠢᠯ᠎ᠠ᠃      1958 ᠤᠨ ᠠᠴᠠ ᠤᠳᠤ ᠪᠤᠯᠳᠠᠯ᠎ᠠ ᠨᠢᠭᠡᠨᠳᠡ 64 ᠵᠢᠯ ᠦᠩᠭᠡᠷᠡᠯ᠎ᠡ᠃ ︽ᠳ᠋ᠦᠩ ᠹᠠᠩ ᠬᠤᠩ ᠨᠢᠭᠡᠳᠦᠭᠡᠷ ᠨᠤᠮᠧᠷᠳᠤ︾  ᠎ ᠢ ᠠᠮᠵᠢᠯᠳᠠ ᠲᠠᠢ ᠬᠠᠷᠪᠤᠨ ᠭᠠᠷᠤᠭᠰᠠᠨ ᠠᠴᠠ ᠬᠤᠪᠢᠯᠭᠠᠨ ᠤᠩᠭᠤᠴᠠ ᠠᠷᠪᠠᠨ ᠭᠤᠷᠪᠠᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠰᠠᠨᠰᠠᠷᠴᠢᠨ ᠢ ᠠᠮᠵᠢᠯᠳᠠ ᠲᠠᠢ ᠪᠠᠷ ᠰᠠᠨᠰᠠᠷ ᠲᠤ ᠬᠦᠷᠭᠡᠬᠦ ᠬᠦᠷᠳᠡᠯ᠎ᠡ᠂ ᠡᠬᠡ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠨᠢᠰᠬᠦ ᠮᠡᠳᠤ ᠲᠦᠷᠭᠡᠨ ᠬᠦᠭᠵᠢᠵᠤ᠂ ᠭᠡᠷᠡᠯ ᠡᠵᠢ ᠮᠠᠨᠢ ᠴᠦ ᠵᠠᠵᠢᠡ ᠦᠰᠦ ᠨᠢ ᠴᠠᠶᠢᠵᠦ ᠦᠳᠡᠯᠦᠭᠡ ᠨᠠᠰᠤᠨ ᠳᠠᠭᠠᠨ ᠣᠷᠣᠵᠠᠢ᠃ ᠲᠡᠭᠦᠨ ᠤ ᠬᠥᠵᠦᠭᠦᠨ ᠳᠡᠭᠡᠨ ᠵᠡᠬᠦᠵᠦ ᠪᠠᠶᠢᠭ᠎ᠠ ᠮᠦᠩᠭᠦᠨ ᠭᠤᠣᠳᠠᠨ ᠨᠢ ᠡᠵᠢ ᠶᠢᠨ ᠬᠢᠨᠢ ᠬᠢᠵᠦ ᠦᠭᠭᠦᠭᠰᠡᠨ ᠨᠣᠳᠤᠭ ᠤᠨ ᠬᠠᠯᠠᠭᠤᠨ ᠰᠢᠷᠦᠢ ᠪᠤᠢ᠃ ᠡᠨᠡ ᠨᠢ ᠲᠡᠭᠦᠨ ᠤ ᠦᠯᠦᠭᠡᠢ ᠨᠤᠳᠤᠭ ᠢᠶᠠᠨ ᠮᠦᠷᠦᠭᠡᠳᠦᠨ ᠰᠠᠨᠠᠭᠠᠯᠵᠠᠬᠤ       ᠰᠡᠳᠬᠢᠯᠭᠡ ᠶᠢ ᠢᠯᠡᠷᠡᠭᠦᠯᠦᠨ᠎ᠡ᠃      ᠭᠡᠷᠡᠯ ᠡᠵᠢ ᠠᠴᠠ᠂ ᠬᠤᠪᠢᠯᠭᠠᠨ ᠤᠩᠭᠤᠴᠠ ᠨᠢᠭᠡᠳᠦᠭᠡᠷ ᠠᠴᠠ ᠬᠤᠪᠢᠯᠭᠠᠨ ᠤᠩᠭᠤᠴᠠ ᠠᠷᠪᠠᠨ ᠭᠤᠷᠪᠠᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠠᠮᠵᠢᠯᠳᠠ ᠲᠠᠢ ᠬᠠᠷᠪᠤᠨ ᠭᠠᠷᠤᠭᠰᠠᠨ ᠢ ᠨᠢᠳᠦ ᠪᠠᠷ ᠢᠶᠠᠨ ᠤᠯᠵᠤ ᠬᠠᠷᠠᠯ᠎ᠠ᠂ ᠲᠦᠢᠯ ᠤᠨ ᠶᠡᠬᠡᠪᠡᠷ ᠪᠠᠶᠠᠷᠯᠠᠵᠤ ᠪᠠᠶᠢᠨ᠎ᠠ᠃ ᠡᠨᠡ ᠨᠢ ᠮᠠᠨ ᠤ ᠡᠵᠡᠨ᠎ᠡ ᠶᠢᠨ ᠠᠷᠠᠳ ᠲᠦᠮᠡᠨ ᠤ ᠤᠮᠤᠭᠰᠢᠯ᠂  ᠮᠦᠨᠴᠤ ᠡᠬᠡ ᠤᠯᠤᠰ ᠤᠨ ᠤᠮᠤᠭᠰᠢᠯ ᠪᠤᠯᠤᠨ᠎ᠠ‌‍ᠭᠡᠯ᠎ᠡ᠃      64 ᠵᠢᠯ ᠤᠨ ᠲᠤᠷᠰᠢ᠂ ᠰᠠᠭᠤᠷᠢᠨ ᠭᠠᠵᠠᠷ ᠤᠨ ᠬᠢᠨ ᠵᠢᠯ ᠪᠤᠯᠭᠠᠨ ᠡᠮᠴᠢᠯᠡᠭᠡᠨ ᠤ ᠠᠩᠭᠢ ᠶᠢ ᠵᠤᠬᠢᠶᠠᠨ ᠪᠠᠶᠢᠭᠤᠯᠤᠨ ᠮᠠᠨ ᠤ ᠬᠤᠰᠢᠭᠤᠨ ᠤ ᠰᠤᠮᠤ ᠪᠠᠯᠭᠠᠰᠣ ᠪᠣᠯᠣᠨ  ᠭᠠᠴᠠᠭ᠎ᠠ ᠳᠤ ᠭᠦᠨᠵᠡᠭᠡᠶᠢᠷᠡᠵᠤ ᠲᠤᠭᠤᠷᠢᠨ ᠡᠮᠴᠢᠯᠡᠭᠡ ᠬᠢᠳᠡᠭ᠃ ᠡᠵᠡᠨ᠎ᠡ ᠶᠢᠨ ᠡᠯ᠎ᠠ ᠥᠨᠳᠣᠰᠣᠳᠠᠨ ᠤ ᠠᠷᠠᠳ ᠲᠦᠮᠡᠨ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠰᠠᠨᠰᠠᠷ ᠠᠶᠠᠯᠠᠯ ᠤᠨ ᠦᠢᠯᠡᠰ ᠲᠤ ᠦᠢᠯᠡᠴᠢᠯᠡᠬᠦ ᠲᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ ᠡᠳᠦᠭᠡ ᠪᠣᠯᠵᠤ ᠪᠠᠶᠢᠭ᠎ᠠ ᠶᠤᠮ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号