ᠤᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ᠂ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠬᠡ᠂ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ ᠤ ᠲᠡᠷᠢᠭᠦᠯᠡᠭᠴᠢ ᠲᠠᠩ ᠰᠢᠤᠸᠠᠢ ᠪᠢᠨ ᠵᠡᠷᠭᠡ ᠬᠤᠰᠢᠭᠤᠨ ᠤ ᠳᠦᠷᠪᠡᠨ ᠲᠤᠮᠤ ᠤᠳᠤᠷᠢᠳᠬᠤ ᠪᠠᠭ ᠤᠨ | ᠤᠳᠤᠷᠢᠳᠤᠯᠭ᠎ᠠ ᠨᠡᠷ ᠪᠦᠬᠦ ᠬᠤᠰᠢᠭᠤᠨ ᠤ ᠺᠠᠳ᠋ᠷ ᠠᠵᠢᠯᠲᠠᠳ ᠲᠠᠢ ᠬᠠᠮᠳᠤ ᠳᠠᠯᠠᠶᠢᠬᠦ᠋ᠪ ᠪᠠᠯᠭᠠᠰᠣᠨ ᠤ ᠭᠠᠯᠲᠦ | ᠲᠡᠷᠭᠡᠨ ᠦᠷᠲᠡᠭᠡᠨ ᠤ ᠡᠮᠦᠨ᠎ᠡ ᠲᠠᠯ᠎ᠠ᠂ ᠵᠢᠩ ᠰᠢᠨ ᠦᠨᠳᠦᠷ ᠬᠤᠷᠳᠤᠴᠠᠲᠦ ᠵᠠᠮ ᠤᠨ ᠳᠠᠯᠠᠶᠢᠬᠦ᠋ᠪ ᠪᠠᠯᠭᠠᠰᠤ ᠶᠢᠨ | ᠰᠦᠢᠳᠭᠡᠯ ᠬᠤᠷᠢᠶᠠᠬᠤ ᠦᠷᠲᠡᠭᠡᠨ ᠤ ᠬᠤᠶᠢᠲᠦ ᠲᠠᠯ᠎ᠠ ᠶᠢᠨ ᠠᠯᠪᠠᠨ ᠵᠢᠷᠤᠮ ᠤᠨ ᠮᠤᠳᠤ ᠲᠠᠷᠢᠬᠤ ᠰᠠᠭᠤᠷᠢᠨ | ᠭᠠᠵᠠᠷ ᠲᠤ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠥᠷᠨᠢᠬᠦᠯᠵᠦ᠂ ᠪᠤᠳᠠᠳᠤ ᠦᠢᠯᠡ | ᠠᠵᠢᠯᠯᠠᠭ᠎ᠠ ᠪᠠᠷ ᠢᠶᠠᠨ ᠪᠦᠬᠦ ᠬᠤᠰᠢᠭᠤᠨ ᠤ ᠤᠯᠠᠨ ᠲᠦᠮᠡᠨ ᠢ ᠮᠤᠳᠤ ᠲᠠᠷᠢᠬᠤ ᠠᠵᠢᠯᠯᠠᠭᠠᠨ ᠳᠤ ᠢᠳᠡᠪᠬᠢᠲᠠᠢ | ᠤᠷᠤᠯᠴᠠᠬᠤ ᠶᠢ ᠤᠷᠢᠶᠠᠯᠠᠨ᠂ ᠡᠵᠡᠨ᠎ᠡ ᠶᠢᠨ ᠨᠤᠭᠤᠭᠠᠨ ᠪᠦᠷᠢᠳᠦ ᠳᠤ ᠠᠮᠢᠵᠢᠷᠠᠯ ᠤᠨ ᠬᠦᠴᠦᠨ ᠢ | ᠨᠡᠮᠡᠭᠳᠡᠭᠦᠯᠦᠨ᠎ᠡ᠃ | ᠠᠬᠤᠢ ᠲᠠᠯᠠᠪᠠᠢ ᠳᠤ᠂ ᠸᠠᠩ ᠯᠢ ᠵᠢᠶᠦ᠋ᠨ ᠵᠡᠷᠭᠡ ᠬᠤᠰᠢᠭᠤᠨ ᠤ ᠳᠦᠷᠪᠡᠨ ᠲᠤᠮᠤ ᠤᠳᠤᠷᠢᠳᠬᠤ ᠪᠠᠭ ᠤᠨ | ᠤᠳᠤᠷᠢᠳᠤᠯᠭ᠎ᠠ ᠨᠡᠷ ᠤᠯᠠᠨ ᠲᠠᠢ ᠬᠠᠮᠳᠤ ᠪᠠᠷ ᠴᠢᠬᠢ ᠮᠤᠳᠤ ᠲᠠᠷᠢᠬᠤ ᠮᠡᠷᠭᠡᠵᠢᠯ ᠤᠨ ᠱᠠᠭᠠᠷᠳᠠᠯᠭ᠎ᠠ ᠶᠢ | ᠦᠨᠳᠦᠰᠦᠯᠡᠨ᠂ ᠨᠦᠬᠡ ᠮᠠᠯᠲᠠᠵᠤ᠂ ᠴᠢᠬᠢ ᠮᠤᠳᠤ ᠪᠠᠨ ᠰᠠᠭᠤᠯᠭᠠᠨ᠂ ᠳᠠᠬᠢᠨ ᠰᠢᠷᠦᠢ ᠢᠶᠠᠷ ᠪᠤᠯᠤᠵᠤ ᠬᠢᠰᠬᠢᠬᠦ | ᠵᠡᠷᠭᠡ ᠶᠠᠪᠤᠴᠠ ᠪᠠᠷ ᠶᠠᠭᠠᠷᠠᠯᠲᠠᠶᠢᠬᠠᠨ ᠠᠵᠢᠯᠴᠠᠭᠠᠵᠤ᠂ ᠨᠢᠭᠡ ᠦᠳᠡ ᠶᠢᠨ ᠡᠮᠦᠨ᠎ᠡ ᠶᠢᠨ ᠰᠢᠷᠭᠠᠭᠤ ᠬᠦᠳᠡᠯᠮᠦᠷᠢ ᠪᠠᠷ | ᠳᠠᠮᠵᠢᠨ ᠨᠤᠭᠤᠭᠠᠷᠠᠭᠤᠯᠤᠯᠲᠠ ᠤᠶᠢᠵᠢᠭᠤᠯᠤᠯᠲᠠ ᠶᠢᠨ ᠭᠠᠵᠠᠷ ᠲᠤ ᠨᠢᠭᠡ ᠨᠢᠭᠡ ᠰᠠᠤᠷᠢ ᠲᠤᠤᠷᠠᠢ ᠶᠢᠨ ᠴᠢᠬᠢ ᠮᠤᠳᠤ | ᠵᠢᠭᠲᠡᠷᠡᠨ ᠪᠣᠰᠴᠤ᠂ ᠪᠦᠭᠦᠳᠡ ᠣᠯᠠᠨ ᠢᠶᠠᠷ ᠢᠶᠠᠨ ᠡᠬᠡ ᠪᠠᠶᠢᠭᠠᠯᠢ ᠶᠢᠨ ᠰᠡᠷᠭᠦᠯᠲᠡ ᠳᠤ ᠬᠤᠪᠢ ᠨᠡᠮᠡᠷᠢ ᠪᠠᠨ | ᠡᠷᠬᠦᠨ᠎ᠡ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭᠠᠨ ᠳᠤ ᠪᠦᠬᠦ ᠬᠤᠰᠢᠭᠤᠨ ᠤ ᠵᠠᠰᠠᠭ ᠵᠠᠬᠢᠷᠭ᠎ᠠ ᠠᠵᠢᠯ | ᠦᠢᠯᠡᠰ ᠤᠨ 40 ᠨᠢᠭᠡᠴᠡ ᠶᠢᠨ 1000 ᠭᠠᠷᠤᠢ ᠬᠦᠮᠦᠨ ᠤᠷᠤᠯᠴᠠᠵᠤ᠂ ᠡᠭᠦᠨ ᠳᠤ ᠲᠤᠤᠷᠠᠢ᠂ ᠵᠢᠭᠳᠡ᠂ | ᠵᠠᠭ ᠤᠨ ᠴᠢᠬᠢ ᠮᠤᠳᠤ ᠶᠢ ᠨᠠᠶᠢᠳᠠ 15 ᠲᠦᠮᠡᠨ ᠰᠠᠤᠷᠢ ᠲᠠᠷᠢᠭᠰᠠᠨ ᠪᠠᠶᠢᠨ᠎ᠠ᠃ ᠡᠨᠡ ᠵᠢᠯ ᠮᠠᠨ ᠤ ᠬᠤᠰᠢᠭᠤ 16. | 3 ᠲᠦᠮᠡᠨ ᠮᠤ᠋ ᠶᠢᠨ ᠤᠶᠢᠵᠢᠭᠤᠯᠤᠯᠲᠠ ᠬᠢᠬᠦ ᠪᠠᠷ ᠳᠦᠯᠦᠪᠯᠡᠵᠦ ᠪᠤᠢ᠃ | ᠣᠶᠢᠷ᠎ᠠ ᠶᠢᠨ ᠵᠢᠯ ᠳᠤ᠂ ᠮᠠᠨ ᠤ ᠬᠤᠰᠢᠭᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠢᠮᠠᠭᠲᠠ ᠬᠥᠭᠵᠢᠯᠲᠡ ᠶᠢᠨ ᠪᠥᠬᠦ ᠲᠠᠯ᠎ᠠ ᠶᠢᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠣᠶ ᠰᠢᠭᠤᠢ ᠨᠤᠲᠤᠭ | ᠪᠡᠯᠴᠢᠭᠡᠷ ᠢ ᠵᠠᠰᠠᠨ ᠰᠡᠷᠭᠦᠭᠡᠬᠦ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠦᠲᠦᠭᠡᠨ ᠪᠠᠶᠢᠭᠤᠯᠬᠤ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ᠬᠤᠲᠠ ᠶᠢᠨ ᠣᠶ ᠰᠢᠭᠤᠢ ᠶᠢ | ᠪᠦᠲᠦᠭᠡᠨ ᠪᠠᠶᠢᠭᠤᠯᠬᠤ᠂ ᠣᠷᠣᠨ ᠪᠦᠰᠡ ᠶᠢᠨ ᠪᠦᠬᠦᠯᠢ ᠴᠣᠭᠴᠠ ᠶᠢᠨ ᠠᠮᠢ ᠠᠬᠤᠢ ᠶᠢᠨ ᠴᠢᠳᠠᠮᠵᠢ ᠪᠠ | ᠦᠵᠡᠮᠵᠢ ᠶᠢᠨ ᠶᠠᠰᠤ ᠴᠢᠨᠠᠷ ᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠪᠠᠷ ᠬᠠᠷᠠᠯᠲᠠ ᠪᠠᠨ ᠪᠣᠯᠭᠠᠵᠤ᠂ ᠬᠥᠮᠥᠨ ᠤ | ᠬᠦᠴᠦ ᠪᠠᠷ ᠣᠶᠢᠵᠢᠭᠤᠯᠬᠤ ᠵᠡᠷᠭᠡ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠣᠨ᠂ ᠣᠯᠠᠨ | ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | 2016 ᠣᠨ ᠠᠴᠠ 2022 ᠣᠨ ᠪᠣᠯᠲᠠᠯ᠎ᠠ᠂ ᠮᠠᠨ ᠤ ᠬᠤᠰᠢᠭᠤᠨ ᠤ ᠬᠥᠮᠥᠨ ᠤ ᠬᠦᠴᠦ ᠪᠠᠷ ᠣᠶᠢᠵᠢᠭᠤᠯᠤᠭᠰᠠᠨ | ᠲᠠᠯᠠᠪᠠᠶ 148.18 ᠲᠦᠮᠡᠨ ᠮᠦ ᠳᠤ ᠬᠦᠷᠴᠡᠢ᠃ |