ᠲᠤᠮᠳᠠᠳᠤ ᠤᠯᠤᠰ ᠤᠨ ᠡᠪ ᠬᠠᠮᠳᠤ ᠨᠠᠮ ᠤᠨ ᠡᠵᠡᠨ᠎ᠡ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠨᠢᠭᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/18
     4 ᠳ᠋ᠦ᠋ᠭᠡᠷ ᠰᠠᠷ᠎ᠠ ᠶᠢᠨ 14᠎ ᠤ ᠡᠳᠤᠷ᠂ ᠡᠵᠡᠨ᠎ᠡ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠵᠤ᠂ ᠬᠤᠷᠠᠯ ᠳᠤ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠠᠤ ᠠᠵᠢᠯ ᠤᠨ ᠬᠠᠮᠢᠶᠠᠲᠠᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ ᠵᠠᠩ ᠱᠦ ᠰᠢᠶᠠ ᠬᠤᠷᠠᠯ ᠳᠤ ᠤᠷᠤᠯᠴᠠᠬᠤ ᠶᠢᠨ ᠬᠠᠮᠳᠤ ᠶᠡᠷᠢᠶ᠎ᠠ ᠲᠠᠯᠪᠢᠵᠡᠢ᠃      ᠬᠤᠷᠠᠯ ᠠᠴᠠ ᠵᠢᠭᠠᠵᠤ ᠭᠠᠷᠭᠠᠬᠤ ᠳᠠᠭᠠᠨ᠄ ᠡᠷᠬᠡᠪᠰᠢ ᠲᠤᠭᠤᠷᠢᠨ ᠪᠠᠶᠢᠴᠠᠭᠠᠬᠠᠤ ᠠᠵᠢᠯ ᠤᠨ ᠤᠯᠤᠰ       ᠲᠦᠷᠦ ᠶᠢᠨ ᠠᠭᠤᠯᠤᠭᠳᠠᠬᠤᠨ ᠢ ᠭᠦᠨᠵᠡᠭᠡᠢ ᠰᠤᠷᠤᠯᠴᠠᠨ ᠡᠵᠡᠮᠰᠢᠬᠦ  ᠬᠡᠷᠡᠭᠲᠠᠢ᠃ ᠲᠤᠭᠤᠷᠢᠨ ᠪᠠᠶᠢᠴᠠᠭᠠᠬᠤ ᠪᠤᠯ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠪᠠᠶᠢᠵᠤ᠂ ᠮᠦᠨ ᠴᠢᠨᠠᠷ ᠲᠡᠭᠡᠷ᠎ᠡ ᠪᠠᠨ ᠤᠯᠤᠰ ᠲᠦᠷᠦ ᠶᠢᠨ ᠬᠢᠨᠠᠯᠳᠠ ᠪᠤᠯᠤᠨ᠎ᠠ᠃ ᠮᠦᠨᠴᠤ ᠲᠤᠭᠤᠷᠢᠨ ᠪᠠᠶᠢᠴᠠᠭᠠᠬᠤ ᠠᠵᠢᠯ ᠢ ᠦᠨᠳᠤᠰᠤᠨ ᠱᠠᠳᠤᠨ ᠳᠤ ᠪᠦᠳᠦᠮᠵᠢᠲᠠᠢ ᠪᠠᠷ ᠦᠷᠭᠡᠳᠬᠡᠵᠤ ᠪᠠᠶᠢᠭ᠎ᠠ ᠶᠠᠪᠤᠳᠠᠯ ᠶᠤᠮ᠃ ᠡᠷᠬᠡᠪᠰᠢ ︽ᠬᠤᠶᠠᠷ ᠢ ᠬᠠᠮᠠᠭᠠᠯᠠᠬᠤ︾᠎ ᠳᠠᠬᠢ  ᠤᠯᠤᠰ ᠲᠦᠷᠦ ᠶᠢᠨ ᠬᠢᠨᠠᠯᠳᠠ ᠲᠠᠯᠪᠢᠬᠤ ᠬᠥᠴᠥᠯᠡᠴᠡ ᠪᠠᠨ  ᠴᠢᠩᠭᠠᠳᠬᠠᠵᠤ᠂ ᠠᠰᠠᠭᠤᠳᠠᠯ ᠢ ᠪᠦᠳᠦᠮᠵᠢᠲᠠᠢ ᠰᠢᠢᠳᠪᠤᠷᠢᠯᠡᠨ᠂ ᠲᠤᠭᠤᠷᠢᠨ ᠪᠠᠶᠢᠴᠠᠭᠠᠵᠤ ᠬᠢᠨᠠᠯᠳᠠ ᠲᠠᠯᠪᠢᠬᠤ ᠠᠵᠢᠯ ᠤᠨ ᠤᠯᠠᠨ ᠲᠦᠮᠡᠨ ᠲᠠᠢ ᠬᠠᠷᠢᠯᠴᠠᠬᠤ ᠬᠤᠯᠪᠤᠭᠠᠰᠤ ᠶᠢᠨ ᠴᠢᠳᠠᠮᠵᠢ ᠶᠢ ᠴᠢᠩᠭᠠᠳᠬᠠᠬᠤ ᠬᠡᠷᠡᠭᠲᠠᠢ᠃ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠶᠢ ᠦᠷᠬᠦᠯᠵᠢᠬᠦᠶᠢᠴᠡ ᠭᠦᠨᠵᠡᠭᠡᠶᠢᠷᠡᠬᠦᠯᠵᠤ᠂ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠤᠨ᠎ᠡ ︽ᠬᠤᠶᠠᠷ ᠢ ᠬᠠᠮᠠᠭᠠᠯᠠᠬᠤ︾᠎ ᠶᠢᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠤ᠂ ᠨᠠᠮ ᠤᠨ ᠲᠤᠰ ᠪᠡᠶ᠎ᠡ ᠳᠡᠭᠡᠨ ᠬᠤᠪᠢᠰᠬᠠᠯ ᠬᠢᠬᠦ ᠲᠤᠮᠳᠠᠬᠢ ᠲᠤᠭᠤᠷᠢᠨ ᠪᠠᠶᠢᠴᠠᠭᠠᠬᠤ ᠠᠵᠢᠯ ᠤᠨ ᠴᠢᠬᠤᠯᠠ ᠦᠢᠯᠡᠳᠦᠯ ᠢ ᠭᠦᠢᠴᠡᠳ       ᠪᠠᠳᠠᠷᠠᠭᠤᠯᠤᠨ᠂ ᠨᠠᠮ ᠤᠨ ᠲᠤᠰ ᠪᠡᠶ᠎ᠡ ᠶᠢᠨ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠮᠠᠨ ᠤ ᠬᠤᠰᠢᠭᠤᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠬᠡᠢ ᠠᠬᠢᠭᠤᠯᠬᠤ ᠬᠡᠷᠡᠭᠲᠠᠢ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠄ ᠤᠯᠤᠰ ᠲᠦᠷᠦ ᠶᠢᠨ ᠪᠠᠶᠢᠷᠢ ᠲᠤᠭᠳᠠᠭᠠᠯᠳᠠ ᠶᠢ ᠪᠠᠳᠤ ᠰᠠᠬᠢᠵᠤ᠂ ᠬᠢᠨᠠᠯᠳᠠ ᠲᠠᠯᠪᠢᠵᠤ ᠪᠠᠳᠤᠯᠠᠬᠤ ᠪᠠ ᠲᠡᠭᠦᠯᠳᠡᠷᠵᠢᠬᠦᠯᠦᠨ  ᠬᠦᠭᠵᠢᠬᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠠᠢ᠃ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠵᠤ᠂ ᠤᠯᠤᠰ ᠲᠦᠷᠦ ᠪᠠ ᠲᠤᠬᠠᠶᠢᠯᠠᠭᠰᠠᠨ       ᠠᠵᠢᠯ ᠤᠨ ᠬᠠᠷᠢᠴᠠᠭ᠎ᠠ ᠪᠠᠨ ᠤᠨᠤᠪᠴᠢᠲᠠᠢ ᠡᠵᠡᠮᠰᠢᠵᠤ᠂ ᠲᠤᠭᠤᠷᠢᠨ ᠪᠠᠶᠢᠴᠠᠭᠠᠠᠬᠤ ᠠᠵᠢᠯ ᠢ ᠭᠦᠨᠵᠡᠭᠡᠢ ᠦᠷᠨᠢᠬᠦᠯᠬᠦ ᠬᠡᠷᠡᠭᠲᠠᠢ᠃ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠤ᠂ ᠡᠷᠬᠡ ᠶᠢ ᠲᠦᠪ ᠭᠤᠤᠯᠴᠢ ᠪᠠᠷ ᠬᠡᠷᠡᠭᠯᠡᠬᠦ᠂ ᠬᠠᠤᠯᠢ ᠶᠤᠰᠤᠭᠠᠷ ᠬᠡᠷᠡᠭᠯᠡᠬᠦ᠂ ᠠᠷᠢᠭᠤᠨ ᠴᠢᠭᠡᠴᠢ ᠪᠠᠷ ᠬᠡᠷᠡᠭᠯᠡᠬᠦ ᠶᠢ ᠱᠠᠯᠠᠪᠳᠠᠭᠤᠯᠬᠤ ᠬᠡᠷᠡᠭᠲᠠᠢ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠤᠯᠤᠰ ᠤᠨ ᠦᠮᠴᠢᠯᠡᠯᠳᠤ ᠡᠳ᠋ ᠬᠦᠷᠦᠩᠭᠡ᠂  ᠭᠤᠤᠯᠳᠠᠯᠭᠠᠳᠤ ᠲᠦᠷᠦᠯ ᠵᠦᠢᠯ᠂ ᠪᠡᠯᠡ ᠮᠦᠩᠭᠦ ᠶᠢᠨ ᠬᠤᠪᠢᠶᠠᠷᠢᠯᠠᠯᠳᠠ ᠵᠡᠷᠭᠡ ᠴᠢᠬᠤᠯᠠ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠭᠦ ᠶᠢᠨ ᠬᠠᠮᠲᠤ ᠨᠢᠭᠡᠳᠦᠭᠡᠷ ᠤᠳᠤᠷᠢᠳᠤᠯᠭ᠎ᠠ ᠪᠤᠯᠤᠨ ᠤᠳᠤᠷᠢᠳᠬᠤ ᠪᠠᠭ ᠲᠤ ᠬᠢᠨᠠᠯᠳᠠ ᠲᠠᠯᠪᠢᠬᠤ ᠪᠠᠨ ᠴᠢᠩᠭᠠᠳᠬᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠬᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠬᠦ ᠶᠢ ᠱᠠᠯᠠᠪᠳᠠᠭᠤᠯᠬᠤ ᠬᠡᠷᠡᠭᠲᠠᠢ ᠭᠡᠯ᠎ᠡ᠃      ᠬᠤᠷᠠᠯ ᠠᠴᠠ ᠱᠠᠭᠠᠷᠳᠠᠬᠤ ᠳᠠᠭᠠᠨ᠄ ᠭᠤᠤᠯ ᠬᠠᠷᠢᠭᠤᠴᠠᠯᠭᠠᠳᠠᠨ ᠨᠠᠷ ᠡᠷᠬᠡᠪᠰᠢ ᠴᠡᠭᠴᠡᠯᠡᠨ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠦᠨᠨᠡᠬᠦ ᠡᠭᠦᠷᠭᠡᠯᠡᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠲᠤᠳᠤᠷᠠᠬᠢ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠤᠳᠠᠳᠠᠶᠢᠵᠢᠭᠤᠯᠬᠤ ᠬᠡᠷᠡᠭᠲᠠᠢ᠃ ᠡᠯ᠎ᠡ ᠲᠤᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠨᠢᠭᠡᠴᠡ ᠨᠦᠭᠦᠳ ᠤᠯᠤᠰ ᠲᠦᠷᠦ ᠶᠢᠨ ᠵᠤᠭᠰᠤᠴᠠ ᠪᠠᠨ       ᠲᠡᠭᠡᠭᠰᠢᠯᠡᠬᠦᠯᠵᠤ᠂ ᠦᠵᠡᠯ ᠰᠠᠨᠠᠭ᠎ᠠ ᠲᠠᠨᠢᠯᠳᠠ ᠪᠠᠨ ᠲᠡᠭᠡᠭᠰᠢᠯᠡᠬᠦᠯᠦᠨ᠂ ᠦᠨᠳᠤᠷ ᠪᠠᠷᠢᠮᠵᠢᠶ᠎ᠠ ᠪᠠᠷ ᠡᠯ᠎ᠡ       ᠲᠦᠷᠦᠯ ᠤᠨ ᠬᠠᠮᠵᠢᠯᠴᠠᠭᠠᠨ ᠤ ᠠᠵᠢᠯ ᠢᠶᠠᠨ ᠪᠡᠶᠡᠯᠡᠬᠦᠯᠬᠦ ᠬᠡᠷᠡᠭᠲᠠᠢ᠃ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠬᠢᠨ ᠡᠷᠬᠡᠪᠰᠢ ᠡᠭᠦᠷᠭᠡ ᠴᠢᠳᠠᠪᠤᠷᠢ ᠶᠢᠨ ᠱᠠᠭᠠᠷᠳᠠᠯᠭ᠎ᠠ ᠶᠤᠰᠤᠭᠠᠷ᠂ ᠲᠤᠭᠤᠷᠢᠨ ᠪᠠᠶᠢᠴᠠᠭᠠᠭᠳᠠᠬᠤ ᠨᠢᠭᠡᠴᠡ ᠠᠴᠠ ᠲᠤᠭᠤᠷᠢᠨ ᠪᠠᠶᠢᠴᠠᠭᠠᠬᠠᠤ ᠠᠵᠢᠯ ᠳᠤ ᠬᠠᠮᠵᠢᠯᠴᠠᠬᠤ᠂ ᠲᠤᠰᠢᠶᠠᠨ ᠰᠢᠢᠳᠪᠤᠷᠢᠯᠡᠬᠦᠯᠬᠦ ᠵᠦᠢᠯᠡᠰ ᠢ ᠨᠠᠶᠢᠳᠠᠪᠤᠷᠢᠵᠢᠭᠤᠯᠬᠤ᠂ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠵᠡᠷᠭᠡ ᠠᠵᠢᠯ ᠤᠨ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠡᠳᠤᠷ ᠲᠤᠳᠤᠮ ᠤᠨ ᠬᠢᠨᠠᠯᠳᠠ ᠶᠢᠨ ᠦᠢᠯᠡᠳᠦᠯ ᠢ ᠰᠠᠶᠢᠳᠤᠷ ᠪᠠᠳᠠᠷᠠᠭᠤᠯᠬᠤ ᠬᠡᠷᠡᠭᠲᠠᠢ᠃ ᠲᠤᠭᠤᠷᠢᠨ ᠪᠠᠶᠢᠴᠠᠭᠠᠬᠤ ᠠᠵᠢᠯ ᠤᠨ ᠭᠤᠤᠯᠳᠠᠯᠭ᠎ᠠ ᠲᠠᠢ ᠤᠶᠠᠯᠳᠤᠭᠤᠯᠤᠨ᠂ ᠲᠤᠰᠬᠠᠢ ᠮᠡᠷᠭᠡᠵᠢᠯ ᠤᠨ ᠮᠡᠳᠡᠯᠭᠡ ᠪᠠ ᠲᠦᠷᠦ ᠶᠢᠨ ᠪᠤᠳᠤᠯᠭ᠎ᠠ ᠶᠢᠨ ᠤᠨᠤᠯ ᠤᠨ ᠪᠤᠯᠪᠠᠰᠤᠷᠠᠯ ᠢ ᠦᠷᠨᠢᠬᠦᠯᠬᠦ ᠶᠢᠨ ᠬᠠᠮᠳᠤ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠰᠢᠨ᠎ᠡ ᠵᠤᠷᠢᠭ ᠰᠠᠨᠠᠭ᠎ᠠ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠵᠠᠳᠠᠯᠤᠨ ᠰᠤᠳᠤᠯᠵᠤ᠂ ᠲᠤᠭᠤᠷᠢᠨ ᠪᠠᠶᠢᠴᠠᠭᠠᠯᠳᠠ ᠪᠠᠷ ᠰᠤᠷᠤᠯᠴᠠᠯᠭ᠎ᠠ ᠶᠢ ᠠᠬᠢᠭᠤᠯᠤᠨ᠂ ᠬᠠᠮᠳᠤᠪᠡᠷ ᠲᠡᠭᠡᠭᠰᠢᠯᠡᠬᠦᠯᠬᠦ ᠶᠢ ᠪᠡᠶᠡᠯᠡᠬᠦᠯᠬᠦ ᠬᠡᠷᠡᠭᠲᠠᠢ᠃ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠵᠤ᠂ ᠲᠦᠪ ᠭᠤᠤᠯᠴᠢ ᠪᠠᠷ ᠠᠵᠢᠯᠯᠠᠬᠤ ᠶᠢ ᠪᠠᠷᠢᠮᠳᠠᠯᠠᠨ᠂ ᠲᠤᠭᠤᠷᠢᠨ ᠪᠠᠶᠢᠴᠠᠭᠠᠭᠳᠠᠬᠤ ᠨᠢᠭᠡᠴᠡ ᠪᠠ ᠨᠡᠶᠢᠬᠡᠮ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠴᠢᠨᠠᠷ ᠰᠠᠶᠢᠳᠠᠢ ᠦᠨᠳᠤᠷ ᠪᠠᠷᠢᠮᠵᠢᠶ᠎ᠠ ᠲᠠᠢ ᠲᠤᠭᠤᠷᠢᠨ ᠪᠠᠶᠢᠴᠠᠭᠠᠵᠤ ᠬᠢᠨᠠᠯᠳᠠ ᠲᠠᠯᠪᠢᠬᠤ ᠪᠠᠷ ᠬᠤᠰᠢᠭᠤᠨ ᠤ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ ᠴᠡᠪᠡᠷᠰᠢᠯᠡᠬᠦᠯᠬᠦ ᠬᠡᠷᠡᠭᠲᠠᠢ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号