ᠡᠵᠡᠨ᠎ᠡ ᠬᠤᠰᠢᠭᠤᠨ ᠤ ᠡᠮᠡᠭᠳᠡᠶᠢᠴᠤᠳ ᠤᠨ ᠠᠷᠪᠠᠨ ᠬᠤᠶᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/2
     3 ᠳ᠋ᠤᠭᠠᠷ ᠰᠠᠷ᠎ᠠ ᠶᠢᠨ 31᠎ ᠤ ᠡᠳᠤᠷ ᠤᠨ ᠦᠳᠡ ᠶᠢᠨ ᠡᠮᠤᠨ᠎ᠡ᠂ ᠡᠵᠡᠨ᠎ᠡ ᠬᠤᠰᠢᠭᠤᠨ ᠤ       ᠡᠮᠡᠭᠳᠡᠶᠢᠴᠤᠳ ᠤᠨ ᠠᠷᠪᠠᠨ ᠬᠤᠶᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠠᠮᠵᠢᠯᠳᠠ ᠲᠠᠢ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃ ᠬᠤᠰᠢᠭᠤ ᠤᠳᠤᠷᠢᠳᠤᠯᠭ᠎ᠠ ᠪᠦᠳᠦᠭᠡᠯᠴᠢ᠂ ᠲᠠᠩ ᠰᠢᠤᠸᠠᠢ ᠪᠢᠨ᠂ ᠰᠢᠦᠢ ᠵᠢᠩ᠂ ᠵᠠᠩ ᠱᠦ ᠰᠢᠶᠠ᠂ ᠠᠶᠢᠮᠠᠭ ᠤᠨ ᠡᠮᠡᠭᠳᠡᠶᠢᠴᠤᠳ ᠤᠨ ᠬᠤᠯᠪᠤᠭᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠭᠦᠨ᠂ ᠲᠡᠳ᠋ ᠲᠡᠷᠢᠭᠦᠯᠡᠭᠴᠢ ᠵᠦ ᠴᠢᠶᠣᠣ ᠯᠢ ᠵᠡᠷᠭᠡ ᠤᠳᠤᠷᠢᠳᠤᠯᠭ᠎ᠠ ᠪᠤᠯᠤᠨ ᠪᠦᠬᠦ ᠬᠤᠰᠢᠭᠤᠨ ᠤ ᠡᠯ᠎ᠡ ᠠᠵᠢᠯ ᠲᠦᠷᠦᠯ᠂ ᠡᠯ᠎ᠡ ᠹᠷᠤᠨᠲ ᠶᠢᠨ 83 ᠡᠮᠡᠭᠲᠠᠢ ᠲᠦᠯᠦᠭᠡᠯᠡᠭᠴᠢ ᠨᠠᠷ ᠬᠤᠷᠠᠯ ᠳᠤ ᠤᠷᠤᠯᠴᠠᠪᠠ᠃      ᠸᠠᠩ ᠯᠢ ᠵᠢᠶᠦ᠋ᠨ ᠬᠤᠰᠢᠭᠤᠨ ᠤ ᠲᠦᠷᠪᠡᠨ ᠲᠤᠮᠤ ᠤᠳᠤᠷᠢᠳᠬᠤ ᠪᠠᠭ ᠢ ᠲᠦᠯᠦᠭᠡᠯᠡᠨ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠭᠰᠠᠨ ᠳᠤ ᠪᠠᠶᠠᠷ ᠬᠦᠷᠭᠡᠪᠡ᠃ ᠸᠠᠩ ᠯᠢ ᠵᠢᠶᠦ᠋ᠨ ᠵᠢᠭᠠᠵᠤ ᠭᠠᠷᠭᠠᠬᠤ ᠳᠠᠭᠠᠨ᠂ ᠰᠢᠨ᠎ᠡ ᠴᠠᠭ ᠦᠶ᠎ᠡ ᠶᠢᠨ ᠡᠮᠡᠭᠳᠡᠶᠢᠴᠤᠳ ᠡᠷᠬᠡᠪᠰᠢ ᠡᠷᠳᠡᠮ ᠴᠢᠳᠠᠪᠤᠷᠢ ᠪᠠᠨ ᠲᠠᠪᠳᠠᠨ ᠪᠤᠯᠪᠠᠰᠤᠷᠠᠭᠤᠯᠵᠤ᠂ ᠰᠢᠨ᠎ᠡ ᠲᠦᠷᠢ ᠲᠦᠷᠬᠦ ᠪᠠᠷ ᠰᠤᠷᠤᠯᠴᠠᠯᠭ᠎ᠠ ᠶᠢ ᠡᠷᠬᠢᠮᠯᠡᠬᠦ ᠲᠤᠮᠳᠠ ᠬᠡᠪ ᠴᠢᠨᠠᠷ ᠢᠶᠠᠨ ᠲᠡᠭᠡᠭᠰᠢᠯᠡᠬᠦᠯᠬᠦ ᠬᠡᠷᠡᠭᠲᠠᠢ᠃ ᠪᠦᠬᠦ ᠬᠤᠰᠢᠭᠤᠨ ᠤ ᠦᠷᠭᠡᠨ ᠤᠯᠠᠨ ᠡᠮᠡᠭᠳᠡᠶᠢᠴᠤᠳ ᠡᠷᠬᠡᠪᠰᠢ ᠰᠢ ᠶᠢᠨ ᠫᠢᠩ ᠶᠢᠨ ᠲᠤᠮᠳᠠᠳᠤ ᠤᠯᠤᠰ ᠤᠨ ᠤᠨᠴᠠᠯᠢᠭ ᠎ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠤᠳᠤᠷᠢᠳᠤᠮᠵᠢ ᠪᠠᠨ ᠪᠤᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠤᠩᠭᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠢ ᠬᠢᠨᠠᠮᠠᠭᠠᠢ ᠰᠤᠷᠤᠯᠴᠠᠨ᠂ ᠢᠳᠡᠭᠡᠯ ᠵᠤᠷᠢᠭ ᠢᠶᠠᠷ ᠦᠪᠡᠷ ᠢ ᠪᠠᠨ ᠤᠷᠠᠮᠰᠢᠭᠤᠯᠤᠨ ᠵᠤᠷᠢᠭᠵᠢᠭᠤᠯᠵᠤ᠂ ︽ᠬᠤᠶᠠᠷ ᠢ ᠲᠤᠭᠳᠠᠭᠠᠬᠤ︾᠎ ᠶᠢ ᠦᠨᠡᠨᠴᠢ ᠪᠠᠷ ᠬᠦᠷᠢᠶᠡᠯᠡᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠬᠦ ᠬᠡᠷᠡᠭᠲᠠᠢ᠃ ᠦᠢᠯᠡᠴᠢᠯᠡᠭᠡᠨ ᠤ ᠬᠦᠭᠵᠢᠯᠳᠡ ᠶᠢᠨ ᠲᠤᠮᠳᠠ ᠭᠠᠪᠢᠶ᠎ᠠ ᠪᠠᠶᠢᠭᠤᠯᠤᠨ ᠦᠢᠯᠡᠰ ᠪᠦᠳᠦᠭᠡᠵᠤ᠂ ᠴᠠᠭ ᠦᠶ᠎ᠡ ᠠᠴᠠ ᠤᠯᠭᠤᠭᠰᠠᠨ ᠢᠷᠠᠭᠤ ᠠᠯᠳᠠᠷᠳᠤ ᠡᠭᠦᠷᠭᠡ ᠶᠢ ᠵᠤᠷᠢᠭᠲᠠᠢ ᠪᠠᠷ ᠡᠭᠦᠷᠭᠡᠯᠡᠨ᠂ ᠡᠵᠡᠨ᠎ᠡ ᠶᠢᠨ ᠠᠵᠤ ᠠᠬᠤᠢ       ᠨᠡᠶᠢᠬᠡᠮ ᠤᠨ ᠬᠦᠭᠵᠢᠯᠳᠡ ᠶᠢᠨ ᠬᠦᠷᠢᠶᠡᠯᠡᠭᠴᠢ ᠪᠠ ᠠᠬᠢᠭᠤᠯᠤᠭᠴᠢ ᠨᠢ ᠪᠤᠯᠬᠤ ᠪᠠᠷ ᠴᠢᠷᠮᠠᠶᠢᠬᠤ ᠬᠡᠷᠡᠭᠲᠠᠢ᠃ ᠮᠦᠨᠴᠤ ᠰᠢᠨ᠎ᠡ ᠰᠤᠷᠳᠠᠯ ᠢ ᠪᠠᠳᠠᠷᠠᠭᠤᠯᠬᠤ ᠲᠤᠮᠳᠠ ᠦᠢᠯᠡᠳᠦᠯ ᠢᠶᠠᠨ ᠪᠠᠳᠠᠷᠠᠭᠤᠯᠵᠤ᠂ ᠰᠢ ᠶᠢᠨ ᠫᠢᠩ ᠶᠡᠷᠤᠩᠭᠡᠢ ᠱᠦᠵᠢ ᠶᠢᠨ ︽ᠭᠤᠷᠪᠠ ᠶᠢ ᠴᠢᠬᠤᠯᠠᠴᠢᠯᠠᠬᠤ︾ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠤᠰᠤᠭᠠᠷ᠂ ᠨᠡᠶᠢᠬᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠶᠢ ᠢᠳᠡᠪᠬᠢᠲᠠᠢ ᠪᠠᠷ ᠦᠢᠯᠡᠳᠦᠯᠭᠡᠵᠢᠬᠦᠯᠬᠦ ᠬᠡᠷᠡᠭᠲᠠᠢ ᠭᠡᠪᠡ᠃      ᠸᠠᠩ ᠯᠢ ᠵᠢᠶᠦ᠋ᠨ ᠴᠢᠬᠤᠯᠠᠴᠢᠯᠠᠬᠤ ᠳᠠᠭᠠᠨ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠡᠮᠡᠭᠳᠡᠶᠢᠴᠤᠳ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠠᠢ᠃ ᠡᠮᠡᠭᠳᠡᠶᠢᠴᠤᠳ ᠤᠨ ᠠᠵᠢᠯ ᠢ ᠡᠳᠤᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠵᠤ᠂ ᠦᠷᠭᠡᠨ ᠤᠯᠠᠨ       ᠡᠮᠡᠭᠳᠡᠶᠢᠴᠤᠳ ᠤᠨ ᠡᠯ᠎ᠡ ᠲᠠᠯ᠎ᠠ ᠶᠢᠨ ᠬᠦᠭᠵᠢᠯᠳᠡ ᠲᠠᠪᠰᠢᠯᠳᠠ ᠳᠤ ᠲᠠᠪᠴᠠᠩ ᠪᠠᠶᠢᠭᠤᠯᠤᠨ ᠪᠠᠳᠤᠯᠭ᠎ᠠ ᠬᠠᠩᠭᠠᠬᠤ ᠬᠡᠷᠡᠭᠲᠠᠢ᠃ ᠡᠯ᠎ᠡ  ᠱᠠᠳᠤᠨ ᠤ ᠡᠮᠡᠭᠳᠡᠶᠢᠴᠤᠳ ᠤᠨ ᠬᠤᠯᠪᠤᠭᠠᠨ ᠤ ᠤᠳᠤᠷᠢᠳᠬᠤ ᠪᠠᠭ ᠪᠤᠯᠤᠨ ᠺᠠᠳ᠋ᠷᠴᠤᠳ ᠤᠨ ᠡᠩᠨᠡᠭᠡᠨ ᠤ ᠪᠠᠶᠢᠭᠤᠯᠤᠯᠳᠠ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠦ᠂ ︽ᠨᠠᠮ ᠤᠨ ᠬᠤᠷᠢᠶ᠎ᠠ ᠠᠴᠠ ᠤᠳᠤᠷᠢᠳᠬᠤ᠂ ᠵᠠᠰᠠᠭ ᠤᠨ ᠤᠷᠳᠤᠨ ᠠᠴᠠ ᠲᠡᠮᠵᠢᠬᠦ᠂ ᠡᠮᠡᠭᠳᠡᠶᠢᠴᠤᠳ ᠤᠨ ᠬᠤᠯᠪᠤᠭ᠎ᠠ ᠠᠴᠠ ᠲᠤᠯᠤᠭᠠᠶᠢᠯᠠᠬᠤ᠂ ᠡᠯ᠎ᠡ ᠲᠠᠯ᠎ᠠ ᠶᠢᠨ ᠬᠢᠨ ᠤᠷᠤᠯᠴᠠᠬᠤ︾ ᠡᠮᠡᠭᠳᠡᠶᠢᠴᠤᠳ ᠤᠨ ᠠᠵᠢᠯ ᠤᠨ ᠪᠠᠶᠢᠳᠠᠯ ᠢ ᠥᠨᠡᠨᠬᠦ ᠪᠦᠷᠢᠨᠰᠢᠬᠦᠯᠵᠤ᠂ ᠦᠷᠭᠡᠨ ᠤᠯᠠᠨ ᠡᠮᠡᠭᠳᠡᠶᠢᠴᠤᠳ ᠤᠨ ᠦᠨᠳᠤᠰᠤᠨ ᠱᠠᠳᠤᠨ ᠤ ᠨᠡᠶᠢᠬᠡᠮ ᠤᠨ ᠵᠠᠰᠠᠯᠳᠠ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠡᠷᠭᠡ ᠠᠵᠢᠯ ᠦᠢᠯᠡᠰ ᠤᠨ ᠬᠦᠭᠵᠢᠯᠳᠡ ᠳᠤ ᠰᠢᠨ᠎ᠡ ᠬᠤᠪᠢ ᠨᠡᠮᠡᠷᠢ ᠦᠵᠡᠬᠦᠯᠬᠦ ᠶᠢ ᠬᠦᠳᠦᠯᠦᠨ ᠵᠢᠯᠤᠭᠤᠳᠬᠤ ᠬᠡᠷᠡᠭᠲᠠᠢ ᠭᠡᠯ᠎ᠡ᠃      ᠸᠠᠩ ᠯᠢ ᠵᠢᠶᠦ᠋ᠨ ᠱᠠᠭᠠᠷᠳᠠᠬᠤ ᠳᠠᠭᠠᠨ᠂ ᠡᠯ᠎ᠡ ᠱᠠᠳᠤᠨ ᠤ ᠡᠮᠡᠭᠳᠡᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠨᠢ ᠡᠷᠬᠡᠪᠰᠢ ᠡᠮᠡᠭᠳᠡᠶᠢᠴᠤᠳ ᠤᠨ ᠠᠵᠢᠯ ᠢ ᠪᠦᠬᠦ ᠬᠤᠰᠢᠭᠤᠨ ᠤ ᠠᠵᠢᠯ ᠤᠨ ᠶᠡᠭᠡ ᠲᠠᠯ᠎ᠠ ᠳᠤ ᠰᠠᠶᠢᠳᠤᠷ ᠠᠳᠬᠤᠵᠤ᠂ ᠬᠦᠭᠵᠢᠯᠳᠡ ᠶᠢᠨ ᠤᠬᠠᠮᠰᠠᠷ ᠢᠶᠠᠨ ᠴᠢᠩᠭᠠᠳᠬᠠᠨ᠂ ᠪᠤᠳᠠᠳᠤ ᠪᠠᠶᠢᠳᠠᠯ ᠳᠤ ᠰᠠᠭᠤᠷᠢᠯᠠᠵᠤ᠂ ᠰᠢᠨ᠎ᠡ ᠶᠢ ᠡᠭᠦᠳᠦᠨ᠂ ᠦᠷᠭᠡᠨ ᠤᠯᠠᠨ ᠡᠮᠡᠭᠳᠡᠶᠢᠴᠤᠳ ᠢ ᠬᠦᠳᠦᠯᠦᠨ ᠵᠢᠯᠤᠭᠤᠳᠴᠤ ᠪᠠᠶᠢᠭᠠᠳ ᠡᠵᠡᠨ᠎ᠡ ᠶᠢᠨ ᠠᠵᠤ ᠠᠬᠤᠢ ᠨᠡᠶᠢᠬᠡᠮ ᠤᠨ ᠪᠦᠳᠦᠭᠡᠨ ᠪᠠᠶᠢᠭᠤᠯᠤᠯᠳᠠ ᠳᠤ ᠤᠷᠤᠯᠴᠠᠭᠤᠯᠬᠤ ᠬᠡᠷᠡᠭᠲᠠᠢ ᠭᠡᠪᠡ᠃      ᠶᠡᠭᠡ ᠬᠤᠷᠠᠯ ᠪᠠᠷ ᠡᠵᠡᠨ᠎ᠡ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠨ ᠤ ᠠᠷᠪᠠᠨ ᠬᠤᠶᠠᠳᠤᠭᠠᠷ ᠬᠤᠭᠤᠴᠠᠭᠠᠨ ᠤ ᠭᠦᠢᠴᠡᠳᠬᠡᠬᠦ ᠵᠦᠪᠯᠡᠯ ᠤᠨ ᠲᠡᠷᠢᠭᠦᠯᠡᠭᠴᠢ᠂ ᠲᠡᠳ᠋ ᠲᠡᠷᠢᠭᠦᠯᠡᠭᠴᠢ᠂ ᠪᠠᠶᠢᠩᠭᠤ ᠶᠢᠨ ᠭᠡᠰᠢᠭᠦᠨ ᠢ ᠰᠤᠩᠭᠤᠨ ᠭᠠᠷᠭᠠᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号