ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄ | ᠵᠢᠭᠠᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ ᠲᠥᠯᠥᠭᠡ᠂ ᠵᠢᠭᠠᠰᠤᠨ ᠠᠵᠤ ᠠᠬᠤᠢ ᠶᠢᠨ ᠪᠣᠬᠢᠷᠳᠤᠯ | ᠦᠭᠡᠢ᠂ ᠠᠮᠤᠷ ᠲᠦᠪᠰᠢᠨ᠂ ᠵᠢᠷᠤᠮᠵᠢᠭᠤᠨ᠂ ᠦᠷᠭᠦᠯᠵᠢᠬᠦᠶᠢᠴᠡ ᠬᠥᠭᠵᠢᠯᠲᠡ ᠶᠢ ᠪᠠᠲᠤᠯᠠᠵᠤ᠂ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠢ ᠶᠢᠨ ᠬᠠᠤᠯᠢ ︵ᠲᠣᠪᠴᠢᠯᠠᠭᠠᠳ ︽ᠵᠢᠭᠠᠰᠤᠨ | ᠠᠵᠤ ᠠᠬᠤᠢ ᠶᠢᠨ ᠬᠠᠤᠯᠢ︾︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ | ᠠᠮᠢᠲᠠᠨ ᠢ ᠬᠠᠮᠠᠭᠠᠯᠠᠬᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠡᠭᠡᠷ᠎ᠡ ᠶᠢᠨ | ᠠᠮᠢᠲᠠᠨ ᠤ ᠬᠠᠮᠠᠭᠠᠯᠠᠯᠲᠠ ᠶᠢᠨ ᠬᠡᠷᠡᠭᠵᠢᠭᠦᠯᠬᠦ ᠳᠦᠷᠢᠮ︾ ︽ᠳᠤᠮᠳᠠᠳᠤ ᠤᠯᠤᠰ ᠤᠨ ᠤᠰᠤᠨ ᠤ ᠠᠮᠢᠳᠤ | ᠪᠣᠳᠠᠰ ᠤᠨ ᠡᠬᠢ ᠪᠠᠶᠠᠯᠢᠭ ᠢ ᠠᠷᠠᠴᠢᠯᠠᠨ ᠬᠠᠮᠠᠭᠠᠯᠠᠬᠤ ᠠᠵᠢᠯᠯᠠᠭᠠᠨ ᠤ ᠬᠥᠲᠥᠯᠪᠦᠷᠢ︾ ᠤᠤᠯ ᠤᠨ ᠲᠠᠷᠢᠶᠠᠯᠠᠩ ᠤᠨ | ᠶᠠᠮᠤᠨ ᠤ ︽ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠳᠦᠷᠢᠮ ᠢ ᠬᠡᠷᠡᠭᠵᠢᠭᠦᠯᠬᠦ | ᠲᠤᠬᠠᠢ ᠵᠠᠷᠯᠠᠯ︾ ︵ᠲᠠᠷᠢᠶᠠᠯᠠᠩ ᠤᠨ ᠶᠠᠮᠤᠨ ᠤ ᠵᠠᠷᠯᠠᠯ ﹇2018﹈ 2 ᠳ᠋ᠤᠭᠠᠷ ᠲᠣᠭᠠᠲᠤ︶᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ | ᠠᠵᠤ ᠠᠬᠤᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠶᠢ | ᠦᠨᠳᠦᠰᠦᠯᠡᠨ᠂ ᠡᠳᠦᠭᠡ ᠮᠠᠨ ᠤ ᠬᠤᠰᠢᠭᠤᠨ ᠤ 2022 ᠣᠨ ᠤ ᠵᠢᠭᠠᠰᠤ ᠠᠩᠨᠠᠬᠤ ᠬᠤᠷᠢᠭ᠎ᠠ ᠲᠠᠢ ᠬᠤᠭᠤᠴᠠᠭ᠎ᠠ᠂ | ᠬᠤᠷᠢᠭ᠎ᠠ ᠲᠠᠢ ᠣᠷᠣᠨ ᠤ ᠬᠠᠮᠢᠶᠠᠷᠤᠯᠲᠠ ᠶᠢ ᠳᠣᠣᠷᠠᠬᠢ ᠮᠡᠲᠦ ᠵᠠᠷᠯᠠᠶ᠎ᠠ᠄ | ᠨᠢᠭᠡ᠂ ᠵᠢᠭᠠᠰᠤ ᠠᠩᠨᠠᠬᠤ ᠬᠤᠷᠢᠭ᠎ᠠ ᠲᠠᠢ ᠬᠤᠭᠤᠴᠠᠭ᠎ᠠ᠂ ᠬᠤᠷᠢᠭ᠎ᠠ ᠲᠠᠢ ᠣᠷᠣᠨ ᠢ ᠵᠠᠭᠠᠭᠯᠠᠨ | ᠲᠣᠭᠲᠠᠭᠠᠬᠤ | ᠡᠵᠡᠨ᠎ᠡ ᠬᠤᠰᠢᠭᠤᠨ ᠤ ᠵᠠᠭᠠᠭ ᠳᠣᠲᠣᠷᠠᠬᠢ ᠤᠰᠤᠨ ᠣᠷᠣᠨ ᠤ ᠵᠢᠭᠠᠰᠤ ᠠᠩᠨᠠᠬᠤ ᠶᠢ ᠴᠠᠭᠠᠵᠠᠯᠠᠬᠤ | ᠬᠤᠭᠤᠴᠠᠭ᠎ᠠ ᠨᠢ 2022 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ 2022 ᠣᠨ ᠤ 7 ᠳ᠋ᠤᠭᠠᠷ | ᠰᠠᠷ᠎ᠠ ᠶᠢᠨ 31 ᠤ ᠡᠳᠦᠷ ᠪᠣᠯᠲᠠᠯ᠎ᠠ᠃ | ᠰᠤᠪᠨᠠᠭᠤᠷ᠂ ᠡᠷᠢᠶᠡᠨ ᠴᠣᠨᠵᠢ ᠶᠢᠨ ᠨᠠᠭᠤᠷ᠂ ᠰᠢᠷᠠᠨᠠᠭᠤᠷ ᠤᠨ ᠤᠰᠤᠨ ᠴᠥᠭᠦᠷᠥᠮ ᠤᠨ ᠤᠰᠤᠨ ᠣᠷᠣᠨ | ᠪᠣᠯ ᠵᠢᠭᠠᠰᠤ ᠠᠩᠨᠠᠬᠤ ᠬᠤᠷᠢᠭ᠎ᠠ ᠲᠠᠢ ᠣᠷᠣᠨ ᠪᠣᠯᠣᠨ᠎ᠠ᠃ | ᠬᠤᠶᠠᠷ᠂ ᠵᠢᠭᠠᠰᠤ ᠠᠩᠨᠠᠬᠤ ᠶᠢ ᠴᠠᠭᠠᠵᠠᠯᠠᠬᠤ ᠬᠠᠮᠢᠶᠠᠷᠤᠯᠲᠠ | ︵ᠨᠢᠭᠡ︶ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠳᠤ ᠶᠠᠮᠠᠷᠪᠠ ᠨᠢᠭᠡᠴᠡ ᠪᠠ ᠬᠤᠪᠢ ᠬᠥᠮᠥᠨ ᠠᠴᠠ | ᠵᠢᠭᠠᠰᠤ ᠠᠩᠨᠠᠬᠤ ᠬᠤᠷᠢᠭ᠎ᠠ ᠲᠠᠢ ᠣᠷᠣᠨ ᠳᠤ ᠠᠩᠨᠠᠵᠤ ᠱᠦᠭᠦᠬᠦ ᠪᠤᠶᠤ ᠬᠤᠷᠢᠶᠠᠨ ᠠᠪᠬᠤ᠂ ᠵᠥᠭᠡᠭᠡᠪᠦᠷᠢᠯᠡᠬᠦ᠂ | ᠬᠠᠳᠠᠭᠠᠯᠠᠬᠤ᠂ ᠪᠣᠷᠣᠯᠠᠭᠤᠯᠬᠤ ᠶᠢ ᠴᠠᠭᠠᠵᠠᠯᠠᠨ᠎ᠠ᠃ | ︵ᠬᠤᠶᠠᠷ︶ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ ᠦᠷᠡᠵᠢᠭᠦᠯᠬᠦ᠂ ᠰᠢᠨᠵᠢᠯᠡᠬᠦ ᠤᠬᠠᠭᠠᠨ ᠤ | ᠰᠤᠳᠤᠯᠤᠯ ᠬᠢᠬᠦ ᠵᠡᠷᠭᠡ ᠣᠨᠴᠣᠭᠤᠢ ᠬᠡᠷᠡᠭᠴᠡᠭᠡ ᠠᠴᠠ ᠪᠣᠯᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ | ᠵᠢᠭᠠᠰᠤᠨ ᠠᠵᠤ ᠠᠬᠤᠢ ᠶᠢᠨ ᠤᠰᠤᠨ ᠣᠷᠣᠨ ᠳᠤ ᠠᠩᠨᠠᠵᠤ ᠱᠦᠭᠦᠬᠦ ᠠᠵᠢᠯ ᠬᠢᠬᠦ ᠳᠤ ᠡᠷᠬᠡᠪᠰᠢ ᠠᠶᠢᠮᠠᠭ | ᠬᠤᠳᠠ ᠶᠢᠨ ᠵᠢᠭᠠᠰᠤᠨ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠬᠢᠨᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠭᠠᠰᠤᠨ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ᠪᠤᠰᠤᠳ ᠵᠢᠭᠠᠰᠤᠨ ᠠᠵᠤ | ᠠᠬᠤᠢ ᠶᠢᠨ ᠤᠰᠤᠨ ᠣᠷᠣᠨ ᠳᠤ ᠠᠩᠨᠠᠵᠤ ᠱᠦᠭᠦᠬᠦ ᠠᠵᠢᠯ ᠬᠢᠬᠦ ᠳᠤ ᠠᠶᠢᠮᠠᠭ ᠬᠤᠳᠠ ᠶᠢᠨ ᠵᠢᠭᠠᠰᠤᠨ ᠠᠵᠤ | ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠵᠦ᠂ | ᠥᠪᠡᠷᠲᠡᠭᠡᠨ ᠵᠠᠰᠠᠬᠤ ᠣᠷᠣᠨ ᠤ ᠵᠢᠭᠠᠰᠤᠨ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ︵ᠭᠤᠷᠪᠠ︶ ᠵᠢᠭᠠᠰᠤᠨ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ︽ | ᠵᠢᠭᠠᠰᠤᠨ ᠠᠵᠤ ᠠᠬᠤᠢ ᠶᠢᠨ ᠬᠠᠤᠯᠢ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠵᠢᠭᠠᠰᠤᠨ ᠠᠵᠤ ᠠᠬᠤᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ᠂ ᠵᠢᠭᠠᠰᠤ ᠶᠢ | ᠴᠠᠬᠢᠯᠭᠠᠨ ᠢᠶᠠᠷ ᠠᠩᠨᠠᠬᠤ᠂ ᠬᠤᠣᠷᠳᠠᠭᠤᠯᠬᠤ᠂ ᠳᠡᠯᠪᠡᠴᠢᠬᠦ ᠵᠢᠴᠢ ᠳᠤᠷ᠎ᠠ ᠪᠠᠷ ᠢᠶᠠᠨ ᠠᠩᠨᠠᠵᠤ ᠱᠦᠭᠦᠬᠦ ᠵᠡᠷᠭᠡ | ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠪᠣᠯᠣᠨ ᠵᠢᠭᠠᠰᠤᠨ ᠠᠵᠤ ᠠᠬᠤᠢ ᠶᠢᠨ ᠤᠰᠤᠨ ᠣᠷᠣᠨ ᠤ ᠣᠷᠴᠢᠨ | ᠲᠣᠭᠤᠷᠢᠨ ᠢ ᠡᠪᠳᠡᠬᠦ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦᠨ᠎ᠡ᠃ | ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠰᠢᠢᠳᠪᠦᠷᠢᠯᠡᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ︵ᠳᠥᠷᠪᠡ︶ ᠵᠢᠭᠠᠰᠤᠨ ᠶᠠᠪᠤᠳᠠᠯ ᠤᠨ ᠠᠵᠢᠯᠲᠠᠨ ᠬᠡᠭᠡᠷ᠎ᠡ ᠭᠠᠳᠠᠨ᠎ᠠ ᠬᠠᠤᠯᠢ ᠬᠡᠷᠡᠭᠵᠢᠭᠦᠯᠬᠦ ᠳᠡᠭᠡᠨ ᠵᠢᠭᠠᠰᠤ | ᠠᠩᠨᠠᠬᠤ ᠬᠤᠷᠢᠭ᠎ᠠ ᠲᠠᠢ ᠬᠤᠭᠤᠴᠠᠭ᠎ᠠ᠂ ᠬᠤᠷᠢᠭ᠎ᠠ ᠲᠠᠢ ᠣᠷᠣᠨ ᠤ ᠲᠣᠭᠲᠠᠭᠠᠯ ᠢ ᠵᠥᠷᠢᠴᠡᠨ ᠬᠠᠤᠯᠢ ᠪᠤᠰᠤ ᠪᠠᠷ | ᠠᠩᠨᠠᠵᠤ ᠱᠦᠭᠦᠭᠰᠡᠨ ᠪᠥᠭᠡᠳ ᠪᠣᠳᠠᠲᠤ ᠬᠡᠷᠡᠭ ᠨᠢ ᠲᠣᠳᠣᠷᠬᠠᠢ᠂ ᠭᠡᠷᠡᠴᠢ ᠪᠠᠷᠢᠮᠲᠠ ᠨᠢ ᠦᠨᠡᠨ ᠪᠣᠯᠪᠠᠴᠤ | ᠲᠤᠬᠠᠢ ᠶᠢᠨ ᠭᠠᠵᠠᠷ ᠲᠤᠨᠢ ᠬᠠᠤᠯᠢ ᠳᠤ ᠲᠣᠭᠲᠠᠭᠠᠭᠰᠠᠨ ᠵᠢᠷᠤᠮ ᠤᠨ ᠶᠣᠰᠣᠭᠠᠷ ᠵᠠᠰᠠᠭ ᠵᠠᠬᠢᠷᠭᠠᠨ ᠤ ᠰᠢᠳᠬᠡᠯ | ᠥᠭᠬᠦ ᠲᠣᠭᠲᠠᠭᠠᠯ ᠭᠠᠷᠭᠠᠵᠤ ᠬᠡᠷᠡᠭᠵᠢᠭᠦᠯᠵᠦ ᠴᠢᠳᠠᠬᠤ ᠤᠶᠢᠭᠡᠢ ᠪᠠᠶᠢᠪᠠᠯ᠂ ᠠᠩᠨᠠᠵᠤ ᠱᠦᠭᠦᠬᠦ ᠶᠢ ᠵᠥᠪᠰᠢᠶᠡᠷᠡᠭᠰᠡᠨ | ᠦᠨᠡᠮᠯᠡᠯ᠂ ᠵᠢᠭᠠᠰᠤ ᠠᠩᠨᠠᠬᠤ ᠪᠠᠭᠠᠵᠢ ᠬᠡᠷᠡᠭᠯᠡᠭᠦᠷ᠂ ᠵᠢᠭᠠᠰᠤᠨ ᠣᠩᠭᠤᠴᠠ ᠶᠢ ᠬᠠᠤᠯᠢ ᠶᠣᠰᠣᠭᠠᠷ ᠤᠷᠢᠳᠠᠪᠠᠷ ᠲᠦᠷ | ᠳᠠᠷᠤᠵᠤ ᠠᠪᠴᠤ᠂ ᠠᠷᠪᠠᠨ ᠲᠠᠪᠤᠨ ᠡᠳᠦᠷ ᠤᠨ ᠳᠣᠲᠣᠷ᠎ᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ | ᠲᠣᠭᠲᠠᠭᠠᠯ ᠭᠠᠷᠭᠠᠵᠤ ᠪᠣᠯᠣᠨ᠎ᠠ᠃ | 2022 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ | | |