ᠡᠵᠡᠨ᠎ᠡ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠢ ᠦᠷᠭᠡᠳᠬᠡᠬᠦ ᠪᠦᠳᠦᠭᠡᠨ ᠪᠠᠶᠢᠭᠤᠯᠤᠯᠳᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/7
     4 ᠳ᠋ᠦ᠋ᠭᠡᠷ ᠰᠠᠷ᠎ᠠ ᠶᠢᠨ 2᠎ ᠤ ᠡᠳᠤᠷ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠤ       ᠦᠢᠯᠡᠳᠦᠯᠭᠡ ᠶᠢᠨ ᠲᠦᠪ ᠢ ᠦᠷᠭᠡᠳᠬᠡᠬᠦ ᠪᠦᠳᠦᠭᠡᠨ ᠪᠠᠶᠢᠭᠤᠯᠤᠯᠳᠠ ᠶᠢᠨ ᠠᠵᠢᠯ ᠤᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ       ᠲᠦᠪ ᠤᠨ ᠡᠷᠬᠢᠯᠡᠭᠴᠢ ᠸᠠᠩ ᠯᠢ ᠵᠢᠶᠦ᠋ᠨ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠪᠠ᠃ ᠬᠤᠰᠢᠭᠤ ᠤᠳᠤᠷᠢᠳᠤᠯᠭ᠎ᠠ ᠪᠦᠬᠡ᠂ ᠪᠦᠳᠦᠭᠡᠯᠴᠢ᠂ ᠰᠢᠦᠢ ᠵᠢᠩ᠂ ᠾᠧ ᠲᠣᠣ᠂ ᠵᠠᠩ ᠱᠦ ᠰᠢᠶᠠ᠂ ᠭᠤᠣ ᠯᠧᠢ᠂ ᠶᠠᠩ ᠶᠦᠩ ᠴᠢ ᠨᠠᠷ ᠬᠤᠷᠠᠯ ᠳᠤ ᠤᠷᠤᠯᠴᠠᠪᠠ᠃      ᠬᠤᠷᠠᠯ ᠠᠴᠠ ᠵᠢᠭᠠᠵᠤ ᠭᠠᠷᠭᠠᠬᠤ ᠳᠠᠭᠠᠨ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠢ ᠪᠠᠶᠢᠭᠤᠯᠬᠤ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠ ᠨᠠᠮ ᠤᠨ ᠲᠦᠪ ᠬᠤᠷᠢᠶᠠᠨ ᠤ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠤᠷᠴᠡ ᠠᠴᠠ ᠭᠠᠷᠭᠠᠭᠰᠠᠨ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠤᠮ᠃ ᠮᠦᠨᠴᠤ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠦᠪ ᠭᠤᠤᠯᠴᠢ ᠪᠠᠷ       ᠰᠢᠨ᠎ᠡ ᠶᠢ ᠡᠭᠦᠳᠬᠦ᠂ ᠰᠢᠨ᠎ᠡ ᠪᠠᠶᠢᠳᠠᠯ ᠢ ᠡᠬᠦᠳᠬᠦ ᠴᠢᠬᠤᠯᠠ ᠶᠡᠭᠡ ᠠᠷᠭ᠎ᠠ ᠬᠡᠮᠵᠢᠶ᠎ᠡ ᠪᠤᠯᠤᠨ᠎ᠠ᠃ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠢ ᠦᠷᠭᠡᠳᠬᠡᠨ ᠪᠠᠶᠢᠭᠤᠯᠬᠤ ᠳᠤ᠂ ᠤᠨᠤᠯ ᠢ ᠪᠠᠶᠢᠩᠭᠤᠵᠢᠭᠤᠯᠤᠨ ︽ᠦᠨᠳᠤᠰᠤᠨ ᠱᠠᠳᠤᠨ︾᠎ ᠳᠤ ᠤᠷᠤᠭᠤᠯᠬᠤ ᠶᠢ ᠲᠡᠷᠢᠭᠦᠨ ᠴᠢᠬᠤᠯᠠ ᠡᠭᠦᠷᠭᠡ ᠪᠠᠨ ᠪᠤᠯᠭᠠᠵᠤ᠂ ᠤᠯᠠᠨ ᠲᠦᠮᠡᠨ ᠳᠤ ᠦᠢᠯᠡᠴᠢᠯᠡᠬᠦ ᠬᠠᠮᠤᠭ ᠡᠴᠤᠰ ᠤᠨ ᠨᠢᠭᠡ ᠺᠢᠯᠤᠮᠧᠲᠷ ᠢ ᠨᠡᠪᠳᠡᠷᠡᠬᠦᠯᠬᠦ ᠳᠤ ᠰᠢᠨ᠎ᠡ ᠦᠷ᠎ᠡ ᠪᠦᠳᠦᠮᠵᠢ ᠤᠯᠬᠤ ᠬᠡᠷᠡᠭᠲᠠᠢ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠷᠬᠡᠪᠰᠢ ᠡᠭᠦᠷᠭᠡ ᠪᠠᠨ ᠲᠤᠳᠤᠷᠬᠠᠶᠢᠯᠠᠵᠤ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠨ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠤᠨ ᠪᠠᠶᠢᠭᠤᠯᠤᠯᠳᠠ ᠶᠢᠨ ᠠᠵᠢᠯ ᠤᠨ ᠲᠡᠰ ᠲᠡᠪᠰᠢᠬᠦ ᠶᠢ ᠠᠬᠢᠭᠤᠯᠬᠤ ᠬᠡᠷᠡᠭᠲᠠᠢ᠃ ᠨᠠᠮ ᠤᠨ       ᠪᠠᠶᠢᠭᠤᠯᠤᠯᠳᠠ ᠪᠠᠷ ᠵᠢᠯᠤᠭᠤᠳᠤᠮᠵᠢ ᠪᠤᠯᠭᠠᠬᠤ ᠶᠢ ᠪᠠᠷᠢᠮᠳᠠᠯᠠᠵᠤ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢ ᠦᠨᠳᠤᠰᠤᠨ ᠱᠠᠳᠤᠨ ᠤ ᠨᠠᠮ ᠤᠨ ᠪᠠᠶᠢᠭᠤᠯᠤᠯᠳᠠ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠨᠡᠶᠢᠬᠡᠮ ᠤᠨ ᠵᠠᠰᠠᠯᠳᠠ ᠪᠠ ᠤᠶᠤᠨ ᠤ ᠪᠤᠯᠪᠠᠰᠤᠨ ᠤ ᠡᠭᠦᠳᠦᠨ ᠪᠠᠶᠢᠭᠤᠯᠤᠯᠳᠠ ᠶᠢᠨ ᠠᠵᠢᠯ ᠳᠤ ᠠᠭᠤᠰᠤᠯᠴᠠᠭᠤᠯᠤᠨ᠂ ︽ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠤᠰᠤ ᠮᠤᠷᠠᠯ ᠤᠨ ᠪᠠᠶᠢᠭᠤᠯᠤᠯᠳᠠ ᠶᠢᠨ ᠬᠡᠷᠡᠭᠵᠢᠬᠦᠯᠬᠦ ᠬᠦᠳᠦᠯᠪᠤᠷᠢ︾ ᠪᠤᠯᠤᠨ ︽ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠬᠡᠷᠡᠭᠵᠢᠬᠦᠯᠬᠦ ᠬᠦᠳᠦᠯᠪᠤᠷᠢ︾ ᠶᠤᠰᠤᠭᠠᠷ᠂ ᠰᠢᠨ᠎ᠡ ᠴᠠᠭ ᠦᠶ᠎ᠡ ᠶᠢᠨ ᠪᠤᠯᠪᠠᠰᠤᠨ ᠤ       ᠦᠢᠯᠡᠳᠦᠯᠭᠡ ᠶᠢᠨ ᠠᠵᠢᠯ ᠢ ᠪᠤᠯᠪᠠᠰᠤᠨ ᠬᠤᠳᠠ᠂ ᠪᠤᠯᠪᠠᠰᠤᠨ ᠬᠦᠳᠡᠭᠡ ᠲᠤᠰᠬᠤᠨ᠂ ᠪᠤᠯᠪᠠᠰᠤᠨ ᠨᠢᠭᠡᠴᠡ᠂ ᠪᠤᠯᠪᠠᠰᠤᠨ ᠭᠡᠷ ᠪᠦᠯᠢ᠂ ᠪᠤᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠲᠠᠢ       ᠤᠷᠭᠠᠨᠢᠭ ᠢᠶᠠᠷ ᠤᠶᠠᠯᠳᠤᠭᠤᠯᠵᠤ᠂ ᠨᠢᠭᠡᠳᠦᠯᠲᠡᠢ ᠲᠦᠯᠦᠪᠵᠢᠬᠦᠯᠦᠨ ᠦᠷᠨᠢᠬᠦᠯᠵᠤ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠠᠵᠢᠯ ᠤᠨ ᠠᠷᠭ᠎ᠠ ᠵᠠᠮ ᠢ ᠲᠠᠰᠤᠷᠯᠠᠳᠠ ᠦᠭᠡᠢ ᠦᠷᠭᠡᠳᠬᠡᠨ᠂ ᠬᠠᠮᠳᠤᠪᠡᠷ ᠪᠠᠶᠢᠭᠤᠯᠵᠤ ᠬᠠᠮᠳᠤᠪᠡᠷ ᠵᠠᠰᠠᠨ ᠬᠠᠮᠳᠤᠪᠡᠷ ᠡᠳ᠋ᠯᠡᠬᠦ ᠨᠡᠶᠢᠬᠡᠮ ᠤᠨ ᠵᠠᠰᠠᠯᠳᠠ ᠶᠢᠨ ᠠᠵᠢᠯ ᠤᠨ ᠪᠦᠳᠦᠴᠡ ᠶᠢ ᠪᠤᠢ ᠪᠤᠯᠭᠠᠬᠤ ᠬᠡᠷᠡᠭᠲᠠᠢ᠃ ᠮᠦᠨᠴᠤ ᠡᠩᠨᠡᠭᠡ ᠶᠢᠨ ᠪᠠᠶᠢᠭᠤᠯᠤᠯᠳᠠ ᠶᠢᠨ ᠲᠠᠯ᠎ᠠ ᠳᠤ ᠬᠦᠴᠤ ᠲᠠᠯᠪᠢᠵᠤ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠠᠵᠢᠯ ᠤᠨ ᠭᠤᠤᠯ ᠴᠤᠭᠴᠠ ᠶᠢᠨ ᠬᠦᠴᠦᠨ ᠢ ᠪᠤᠵᠠᠭᠠᠶᠢᠷᠠᠭᠤᠯᠤᠨ᠂ ᠨᠠᠮ ᠤᠨ ᠭᠡᠰᠢᠭᠦᠨ ᠺᠠᠳ᠋ᠷᠴᠤᠳ ᠢᠶᠠᠷ ᠭᠤᠤᠯ ᠪᠤᠯᠭᠠᠭᠰᠠᠨ ᠬᠤᠰᠢᠭᠤᠨ ᠤ ᠲᠡᠰ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠤᠨ ᠲᠡᠭᠦᠯᠳᠡᠷᠵᠢᠬᠦᠯᠬᠦ ᠶᠢᠨ ᠬᠠᠮᠳᠤ ᠡᠯ᠎ᠡ ᠠᠵᠢᠯ ᠲᠦᠷᠦᠯ ᠤᠨ ᠨᠠᠮ ᠤᠨ ᠭᠡᠰᠢᠭᠦᠨ ᠢ ᠵᠤᠬᠢᠶᠠᠨ ᠪᠠᠶᠢᠭᠤᠯᠵᠤ᠂ ᠠᠵᠢᠯ ᠲᠦᠷᠦᠯ ᠤᠨ ᠤᠨᠴᠠᠯᠢᠭ ᠢᠶᠠᠷ  ᠎ ᠢᠶᠠᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠶᠢ ᠵᠤᠬᠢᠶᠠᠨ ᠪᠠᠶᠢᠭᠤᠯᠬᠤ ᠬᠡᠷᠡᠭᠲᠠᠢ᠃ ᠪᠠᠬᠢᠯᠡᠯᠳᠡ ᠶᠢᠨ ᠭᠠᠵᠠᠷ ᠤᠨ ᠪᠦᠳᠦᠭᠡᠨ ᠪᠠᠶᠢᠭᠤᠯᠤᠯᠳᠠ ᠲᠡᠭᠡᠷ᠎ᠡ ᠬᠦᠴᠤ ᠲᠠᠯᠪᠢᠵᠤ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠠᠵᠢᠯ ᠤᠨ ᠰᠠᠭᠤᠷᠢ ᠬᠦᠴᠦᠨ ᠢ ᠪᠠᠳᠤᠳᠬᠠᠬᠤ ᠬᠡᠷᠡᠭᠲᠠᠢ᠃ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ᠂ ᠲᠤᠭᠳᠠᠴᠠ ᠶᠢ ᠲᠡᠭᠦᠯᠳᠡᠷᠵᠢᠬᠦᠯᠦᠨ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠤᠨ ᠪᠠᠶᠢᠭᠤᠯᠤᠯᠳᠠ ᠶᠢᠨ ᠠᠵᠢᠯ ᠤᠨ ᠭᠦᠨᠵᠡᠭᠡᠢ ᠬᠦᠭᠵᠢᠯᠳᠡ ᠶᠢ ᠠᠬᠢᠭᠤᠯᠬᠤ  ᠬᠡᠷᠡᠭᠲᠠᠢ ᠭᠡᠯ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号