ᠣᠶᠢᠷ᠎ᠠ ᠶᠢᠨ ᠡᠳᠦᠷ ᠤᠳ ᠲᠤ᠂ ᠮᠠᠨ ᠤ ᠬᠤᠰᠢᠭᠤ 60 ᠨᠠᠰᠤᠨ ᠠᠴᠠ ᠳᠡᠭᠡᠭᠰᠢᠬᠢ ᠨᠠᠰᠣᠳᠠᠶᠢᠴᠤᠳ ᠤᠨ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠴᠢᠩᠭᠠᠳᠬᠠᠵᠤ ᠪᠠᠶᠢᠨ᠎ᠠ᠃ | ᠨᠠᠰᠣᠳᠠᠶᠢᠴᠤᠳ ᠤᠨ ᠰᠢᠨ᠎ᠡ ᠳᠢᠳᠢᠮᠯᠢᠭ ᠠᠭᠤᠰᠬᠢᠨ ᠥᠷᠪᠢᠰᠣᠯ ᠤᠨ ᠳᠠᠷᠢᠯᠭ᠎ᠠ ᠶᠢᠨ ᠠᠵᠢᠯ ᠢ ᠥᠨᠳᠥᠷ | ᠪᠦᠲᠦᠮᠵᠢᠲᠡᠶ ᠶᠠᠪᠤᠭᠳᠠᠭᠤᠯᠬᠤ ᠪᠠ ᠠᠷᠠᠳ ᠲᠤ ᠲᠥᠬᠦᠮ ᠦᠵᠡᠭᠦᠯᠬᠦ ᠶᠢᠨ ᠲᠤᠰᠠᠲᠠ ᠸᠠᠺᠼᠢᠨ ᠤ ᠲᠠᠷᠢᠯᠭ᠎ᠠ ᠶᠢᠨ | ᠠᠵᠢᠯ ᠨᠢ ᠨᠡᠭᠦᠳᠡᠯ ᠲᠠᠷᠢᠯᠭ᠎ᠠ᠂ ᠭᠡᠷ ᠲᠤᠨᠢ ᠬᠦᠷᠴᠦ ᠲᠠᠷᠢᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠶᠢ ᠠᠪᠴᠤ | ᠪᠠᠶᠢᠨ᠎ᠠ᠃ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠳᠠᠷᠢᠯᠭ᠎ᠠ ᠶᠢᠨ ᠴᠡᠭ ᠲᠤ᠂ ᠰᠢᠨ᠎ᠡ ᠳᠢᠳᠢᠮᠯᠢᠭ | ᠠᠭᠤᠰᠬᠢᠨ ᠥᠷᠪᠢᠰᠦᠯ ᠤᠨ ᠸᠠᠺᠽᠢᠨ ᠤ ᠳᠠᠷᠢᠯᠭ᠎ᠠ ᠳᠠᠷᠢᠬᠤ ᠪᠠᠷ ᠢᠷᠡᠭᠰᠡᠨ ᠨᠠᠰᠤᠳᠠᠶᠢᠴᠤᠳ ᠲᠤᠩ ᠤᠯᠠᠨ | ᠬᠠᠷᠠᠭᠳᠠᠨ᠎ᠠ᠃ ᠵᠠᠷᠢᠮ ᠨᠢ ᠬᠠᠨᠢ ᠨᠥᠬᠦᠷ ᠲᠠᠢ ᠪᠠᠨ ᠬᠠᠮᠲᠤ᠂ ᠪᠠᠰᠠ ᠵᠠᠷᠢᠮ ᠨᠢ ᠦᠷ᠎ᠡ ᠬᠡᠦᠬᠡᠳ ᠤᠨ ᠢᠶᠠᠨ | ᠳᠠᠭᠠᠭᠤᠯᠭ᠎ᠠ ᠪᠠᠷ ᠬᠥᠷᠥᠯᠴᠡᠨ ᠢᠷᠡᠵᠤ ᠰᠢᠨ᠎ᠡ ᠳᠢᠳᠢᠮᠯᠢᠭ ᠠᠭᠤᠰᠬᠢᠨ ᠥᠷᠪᠢᠰᠦᠯ ᠤᠨ ᠸᠠᠺᠽᠢᠨ ᠤ ᠳᠠᠷᠢᠯᠭ᠎ᠠ ᠶᠢ | ᠢᠳᠡᠪᠬᠢᠲᠠᠢ ᠳᠠᠷᠢᠨ᠎ᠠ᠃ ᠳᠤᠬᠡᠶᠢᠮᠠ ᠨᠠᠰᠣᠳᠠᠨ ᠮᠥᠨᠬᠦ ᠡᠳᠡᠭᠡᠷ ᠨᠠᠰᠣᠳᠠᠶᠢᠴᠤᠳ ᠤᠨ ᠳᠤᠳᠤᠷᠡᠬᠢ ᠨᠢᠭᠡᠨ ᠪᠠᠶᠢᠵᠦ᠂ | ᠲᠡᠷᠡ ᠮᠠᠨᠢ ᠸᠠᠺᠼᠢᠨ ᠤ ᠳᠠᠷᠢᠯᠭ᠎ᠠ ᠶᠢᠨ ᠨᠠᠰᠤᠨ ᠤ ᠬᠡᠮᠵᠢᠶ᠎ᠡ ᠶᠢ ᠠᠩᠬ᠎ᠠ 18 ᠨᠠᠰᠤᠨ ᠠᠴᠠ 59 ᠨᠠᠰᠤ ᠳᠤ | ᠬᠢᠵᠠᠭᠠᠷᠯᠠᠵᠤ ᠪᠠᠶᠢᠬᠤ ᠳᠤ ᠠᠩᠬᠠᠨ ᠤ ᠲᠠᠷᠢᠯᠭ᠎ᠠ ᠪᠠᠨ ᠬᠢᠵᠠᠢ᠃ ᠣᠳᠤ ᠪᠣᠯᠬᠤ ᠳᠤ 60 ᠨᠠᠰᠤᠨ ᠠᠴᠠ ᠳᠡᠭᠡᠭᠰᠢ | ᠨᠠᠰᠣᠳᠠᠶᠢᠴᠤᠳ ᠰᠢᠨ᠎ᠡ ᠳᠢᠳᠢᠮᠯᠢᠭ ᠠᠭᠤᠰᠬᠢᠨ ᠥᠷᠪᠢᠰᠦᠯ ᠤᠨ ᠸᠠᠺᠽᠢᠨ ᠤ ᠳᠠᠷᠢᠯᠭ᠎ᠠ ᠶᠢ ᠳᠠᠷᠢᠬᠤ ᠪᠣᠯᠤᠭᠰᠠᠨ ᠢ | ᠮᠡᠳᠡᠭᠡᠳ ᠬᠠᠨᠢ ᠨᠥᠬᠦᠷ ᠲᠠᠢ ᠪᠠᠨ ᠬᠠᠮᠳᠤ ᠸᠠᠺᠼᠢᠨ ᠤ ᠲᠠᠷᠢᠯᠭ᠎ᠠ ᠶᠢ ᠬᠢᠬᠦ ᠪᠠᠷ ᠢᠷᠡᠵᠡᠢ᠂ ᠡᠨᠡ ᠨᠢ ᠲᠡᠭᠦᠨ ᠤ | ᠬᠤᠶᠠᠷᠲᠡᠬᠢ ᠳᠠᠷᠢᠯᠭ᠎ᠠ ᠶᠢᠨ ᠵᠡᠭᠦᠥ ᠪᠣᠯᠣᠨ᠎ᠠ᠃ | ᠴᠧᠨ ᠸᠠᠨ ᠨᠢᠶᠠᠨ ᠨᠠᠰᠣᠳᠠᠨ ᠠᠴᠠ᠂ ᠤᠳᠤᠬᠢ ᠶᠢᠨ ᠬᠢᠵᠢᠭ ᠤᠨ ᠪᠠᠶᠢᠳᠠᠯ ᠮᠥᠨᠬᠦ ᠬᠦᠨᠳᠤ ᠬᠡᠴᠡᠬᠦᠤ | ᠪᠠᠶᠢᠳᠠᠯ ᠳᠤ ᠪᠠᠨ ᠪᠠᠶᠢᠨ᠎ᠠ᠂ ᠭᠤᠷᠪᠠ ᠤᠳᠠᠭᠠᠨ ᠤ ᠳᠠᠷᠢᠯᠭ᠎ᠠ ᠪᠠᠨ ᠪᠦᠬᠦᠨ ᠢ ᠳᠠᠷᠢᠭᠰᠠᠨ᠃ ᠪᠢᠳᠠ ᠪᠠᠰᠠ ᠶᠡᠭᠡ | ᠰᠠᠨᠠᠭ᠎ᠠ ᠠᠮᠣᠷ ᠪᠣᠯᠣᠯ᠎ᠠ᠃ ᠣᠨᠴᠠᠭᠠᠶᠢᠯᠠᠨ ᠮᠠᠨ ᠤ ᠨᠠᠰᠣᠳᠠᠶᠢᠴᠤᠳ ᠪᠣᠯ ᠬᠢᠵᠢᠭ ᠬᠠᠯᠳᠠᠪᠣᠷᠢᠯᠠᠬᠤ ᠠᠴᠠ ᠣᠨᠴᠠ | ᠰᠡᠷᠬᠡᠶᠢᠯᠡᠪᠡᠯ ᠳᠠᠭᠠᠷᠠᠨ᠎ᠠ ᠭᠡᠵᠦ ᠪᠠᠶᠢᠪᠠ᠃ | ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠶᠢ ᠨᠠᠩ ᠲᠥᠬᠦᠮ᠂ ᠨᠠᠩ ᠠᠮᠤᠷ ᠲᠦᠪᠰᠢᠨ ᠪᠣᠯᠭᠠᠬᠤ ᠶᠢᠨ | ᠳᠤᠰᠠᠳᠠ᠂ ᠮᠠᠨ ᠤ ᠬᠤᠰᠢᠭᠤ ᠨᠠᠰᠤᠲᠠᠶᠢᠴᠤᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠠᠵᠢᠯ ᠢ ᠰᠠᠶᠢᠲᠤᠷ ᠬᠢᠵᠤ᠂ ᠰᠢᠨ᠎ᠡ ᠳᠢᠳᠢᠮᠯᠢᠭ ᠠᠭᠤᠰᠬᠢᠨ | ᠥᠷᠪᠢᠰᠦᠯ ᠤᠨ ᠸᠠᠺᠼᠢᠨ ᠤ ᠲᠠᠷᠢᠯᠭ᠎ᠠ ᠶᠢᠨ ᠲᠠᠷᠠᠭᠠᠴᠢ ᠶᠢᠨ ᠠᠯᠬᠤᠮ ᠤᠨ ᠡᠯ᠎ᠡ ᠳᠦᠷᠦᠯ ᠤᠨ ᠠᠵᠢᠯ ᠢ ᠮᠥᠷᠳᠡᠨ | ᠥᠷᠨᠢᠬᠦᠯᠬᠦ ᠶᠢᠨ ᠬᠠᠮᠳᠤ ᠪᠠᠰᠠ ᠡᠮᠴᠢ ᠰᠤᠪᠢᠯᠠᠭᠴᠢᠳ ᠢ ᠵᠣᠬᠢᠶᠠᠨ ᠪᠠᠶᠢᠭᠤᠯᠵᠤ ᠡᠯ᠎ᠡ ᠰᠤᠮᠤ ᠪᠠᠯᠭᠠᠰᠤ᠂ ᠭᠠᠴᠠᠭ᠎ᠠ | ᠵᠡᠷᠭᠡ ᠪᠤᠶᠢᠳᠠ ᠪᠥᠭᠯᠡᠭᠦᠦ ᠭᠠᠵᠠᠷ ᠣᠷᠣᠨ ᠳᠤ ᠭᠦᠨᠵᠡᠭᠡᠶᠢᠷᠡᠬᠦᠯᠦᠨ ᠨᠠᠰᠤᠲᠠᠶᠢᠴᠤᠳ ᠲᠤ ᠳᠥᠬᠦᠮ ᠳᠥᠳᠡ | ᠦᠢᠯᠡᠴᠢᠯᠡᠭᠡ ᠶᠢ ᠬᠠᠩᠭᠠᠨ᠎ᠠ᠃ 5 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠮᠠᠨ ᠤ ᠬᠤᠰᠢᠭᠤᠨ ᠤ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠨᠡᠶᠢᠲᠡ 85103 ᠤᠳᠠᠭ᠎ᠠ ᠳᠠᠷᠢᠵᠤ᠂ | ᠡᠭᠦᠨ ᠳᠤ 60 ᠨᠠᠰᠤᠨ ᠠᠴᠠ ᠳᠡᠭᠡᠭᠰᠢᠬᠢ ᠬᠥᠮᠥᠰ ᠲᠤ ᠨᠡᠶᠢᠲᠡ 3452 ᠤᠳᠠᠭ᠎ᠠ ᠶᠢᠨ ᠲᠠᠷᠢᠯᠭ᠎ᠠ ᠶᠢ ᠲᠠᠷᠢᠵᠤ᠂ | ᠲᠠᠷᠢᠯᠭ᠎ᠠ ᠶᠢᠨ ᠨᠣᠷᠮ᠎ᠠ ᠨᠢ 78.03 % ᠪᠣᠯᠣᠨ᠎ᠠ᠃ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ ᠳᠡᠳ᠋ ᠡᠷᠬᠢᠯᠡᠭᠴᠢ ᠳᠤᠨᠤᠮᠠᠯ ᠠᠴᠠ᠂ ᠠᠳᠡ ᠪᠢᠳᠡ ᠬᠦᠰᠡᠬᠦ ᠨᠢ ᠪᠥᠬᠦ | ᠨᠠᠰᠣᠳᠠᠶᠢᠴᠤᠳ ᠮᠠᠨᠢ ᠳᠠᠷᠤᠢ ᠲᠦᠷᠭᠡᠨ ᠢᠶᠠᠷ ᠬᠥᠳᠡᠯᠦᠯᠴᠡᠵᠦ᠂ ᠥᠪᠡᠷ ᠤᠨ ᠪᠡᠶ᠎ᠡ᠂ ᠭᠡᠷ ᠤᠨ ᠬᠥᠮᠥᠰ᠂ ᠨᠡᠶᠢᠭᠡᠮ | ᠨᠡᠶᠢᠳᠡ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠰᠢᠨ᠎ᠡ ᠳᠢᠳᠢᠮᠯᠢᠭ ᠠᠭᠤᠰᠬᠢᠨ ᠥᠷᠪᠢᠰᠦᠯ ᠤᠨ | ᠸᠠᠺᠽᠢᠨ ᠤ ᠳᠠᠷᠢᠯᠭ᠎ᠠ ᠶᠢ ᠳᠠᠷᠢᠵᠦ᠂ ᠡᠷᠡᠭᠦᠯ ᠮᠡᠨᠳᠦ ᠶᠢ ᠬᠠᠮᠲᠤ ᠪᠠᠷ ᠴᠣᠭᠴᠠᠯᠠᠨ᠂ ᠪᠥᠬᠦ ᠬᠦᠴᠦᠨ ᠢᠶᠠᠷ ᠢᠶᠠᠨ | ᠡᠨᠠᠬᠦ ᠰᠠᠶᠢᠨ ᠰᠠᠶᠢᠬᠠᠨ ᠭᠡᠷ ᠣᠷᠣᠨ ᠢᠶᠠᠨ ᠰᠠᠬᠢᠨ ᠬᠠᠮᠠᠭᠠᠯᠠᠬᠤ ᠶᠢ ᠰᠠᠨᠠᠭᠠᠴᠢᠯᠠᠵᠦ ᠪᠠᠶᠢᠨ᠎ᠠ ᠭᠡᠪᠡ᠃ |