ᠮᠠᠨ ᠤ ᠬᠤᠰᠢᠭᠤ ᠤᠯᠤᠰ ᠤᠨ ᠬᠤᠶᠠᠳᠤᠭᠠᠷ ᠲᠡᠰ ᠤᠨ ᠬᠠᠮᠠᠭᠠᠯᠠᠯᠳᠠ ᠶᠢᠨ ᠰᠢᠪᠠᠭᠤ  ᠪᠤᠯᠬᠤ  ᠬᠠᠷᠬᠢᠷ᠎ᠠ ᠎ ᠶᠢ  ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2022/5/17
     ᠤᠶᠢᠷ᠎ᠠ ᠶᠢᠨ ᠡᠳᠤᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ ᠨᠢ ᠤᠯᠤᠰ ᠤᠨ ᠬᠤᠶᠠᠳᠤᠭᠠᠷ ᠲᠡᠰ ᠤᠨ ᠬᠠᠮᠠᠭᠠᠯᠠᠯᠳᠠ ᠶᠢᠨ ᠰᠢᠪᠠᠭᠤ ᠪᠤᠯᠬᠤ ᠬᠠᠷᠬᠢᠷ᠎ᠠ ᠶᠢ ᠠᠪᠤᠷᠠᠨ ᠲᠤᠰᠠᠯᠠᠵᠤ᠂ ᠤᠳᠤᠬᠠᠨ ᠳᠤ᠂ ᠲᠤᠰ ᠰᠢᠪᠠᠭᠤ ᠨᠢ ᠰᠤᠪᠨᠠᠭᠤᠷ ᠤᠨ ᠨᠤᠭᠤ ᠭᠠᠵᠠᠷ ᠤᠨ ᠬᠡᠬᠡᠷ᠎ᠡ ᠶᠢᠨ ᠠᠮᠢᠳᠠᠨ ᠤ ᠠᠪᠤᠷᠠᠯᠳᠠ ᠶᠢᠨ ᠦᠷᠳᠡᠭᠡᠨ ᠳᠤ ᠡᠮᠨᠡᠭᠦᠯᠵᠤ ᠪᠤᠢ᠃ ᠡᠨᠡ ᠪᠤᠯ ᠡᠨᠡ       ᠵᠢᠯ ᠠᠴᠠ ᠨᠠᠭᠠᠰᠢ ᠮᠠᠨ ᠤ ᠬᠤᠰᠢᠭᠤᠨ ᠤ ᠠᠪᠤᠷᠠᠨ ᠲᠤᠰᠠᠯᠠᠭᠰᠠᠨ ᠵᠢᠷᠭᠤᠳᠠᠬᠢ ᠬᠡᠬᠡᠷ᠎ᠡ ᠶᠢᠨ ᠠᠮᠢᠳᠠᠨ ᠪᠤᠯᠤᠨ᠎ᠠ᠃      ᠡᠨᠡᠬᠦ ᠠᠪᠤᠷᠠᠨ ᠲᠤᠰᠠᠯᠠᠭᠳᠠᠭᠰᠠᠨ ᠰᠢᠪᠠᠭᠤ ᠪᠤᠯ ᠤᠯᠤᠰ ᠤᠨ ᠬᠤᠶᠠᠳᠤᠭᠠᠷ ᠲᠡᠰ ᠤᠨ ᠬᠠᠮᠠᠭᠠᠯᠠᠯᠳᠠ ᠶᠢᠨ ᠰᠢᠪᠠᠭᠤ ᠬᠠᠷᠬᠢᠷ᠎ᠠ ᠪᠤᠯᠤᠨ᠎ᠠ᠂ ᠨᠣᠭᠤ ᠭᠠᠵᠠᠷ ᠤᠨ ᠠᠵᠢᠯᠳᠠᠳ ᠤᠨ  ᠨᠠᠷᠢᠨ ᠬᠢᠨᠠᠮᠠᠭᠠᠢ ᠪᠠᠶᠢᠴᠠᠭᠠᠭᠰᠠᠨ ᠪᠠᠷ ᠲᠤᠰ ᠰᠢᠪᠠᠭᠤ ᠨᠢ ᠨᠡᠯᠢᠶᠠᠳ ᠬᠦᠨᠳᠤ ᠰᠢᠷᠬᠠᠳᠠᠵᠤ᠂ ᠬᠡᠬᠡᠷ᠎ᠠ ᠭᠠᠳᠠᠨ᠎ᠠ ᠠᠮᠢ ᠵᠢᠭᠤᠬᠤ ᠪᠠ ᠨᠢᠰᠬᠦ ᠴᠢᠳᠠᠪᠣᠷᠢ ᠪᠠᠨ ᠪᠦᠷᠢᠮᠣᠰᠣᠨ ᠠᠯᠳᠠᠭᠰᠠᠨ ᠢ ᠪᠠᠶᠢᠵᠠᠢ᠃ ᠨᠣᠭᠤ ᠭᠠᠵᠠᠷ ᠤᠨ ᠬᠠᠮᠠᠭᠠᠯᠠᠯᠳᠠ ᠬᠠᠮᠢᠶᠠᠷᠣᠯᠳᠠ ᠶᠢᠨ ᠥᠷᠲᠡᠭᠡᠨ ᠤ ᠠᠵᠢᠯᠳᠠᠨ ᠠᠴᠠ ᠰᠢᠷᠬ᠎ᠠ ᠶᠢ ᠨᠢ ᠡᠮᠨᠡᠵᠤ ᠦᠷᠪᠢᠰᠦᠯ ᠳᠠᠷᠣᠬᠤ ᠡᠮ ᠢ ᠦᠭᠬᠦᠭᠰᠡᠨ ᠠᠴᠠ ᠤᠳᠤᠬᠠᠨ ᠪᠣᠯᠬᠤ ᠳᠤ ᠬᠠᠷᠬᠢᠷ᠎ᠠ ᠶᠢᠨ ᠰᠢᠷᠬ᠎ᠠ ᠶᠢᠨ ᠪᠠᠶᠢᠳᠠᠯ ᠲᠤᠭᠳᠠᠪᠤᠷᠢ ᠲᠠᠢ ᠪᠣᠯᠣᠭᠰᠠᠨ ᠪᠣᠯᠪᠠᠴᠤ ᠡᠬᠡ ᠪᠠᠶᠢᠭᠠᠯᠢ ᠳᠤ ᠪᠠᠨ ᠪᠣᠴᠠᠬᠤ ᠨᠣᠷᠮ᠎ᠠ ᠳᠤᠩ ᠪᠠᠭ᠎ᠠ ᠪᠠᠶᠢᠨ᠎ᠠ᠃      ᠤᠶᠢᠯᠠᠭᠠᠭᠰᠠᠨ ᠢᠶᠠᠷ᠂ ᠬᠠᠷᠬᠢᠷ᠎ᠠ ᠪᠤᠯ ᠲᠡᠯᠡᠬᠡᠢ ᠲᠡᠭᠡᠷᠡᠬᠢ ᠴᠤᠷ ᠤᠨ ᠭᠠᠭᠴᠠ ᠵᠦᠮᠦᠯᠠᠩᠮᠠ ᠤᠷᠭᠢᠯ ᠢᠶᠠᠷ ᠳᠠᠪᠠᠵᠤ ᠨᠡᠭᠦᠳᠡᠯᠯᠡᠳᠡᠭ ᠰᠢᠪᠠᠭᠤᠨ ᠤ ᠲᠦᠷᠦᠯ ᠪᠠᠶᠢᠵᠤ᠂ ᠲᠡᠳᠡ ᠵᠢᠯ ᠪᠦᠷᠢ ᠮᠠᠨ ᠤ ᠤᠯᠤᠰ ᠤᠨ ᠵᠡᠬᠦᠨ ᠬᠤᠶᠢᠳᠤ ᠤᠷᠤᠨ ᠵᠡᠷᠭᠡ ᠭᠠᠵᠠᠷ ᠠᠴᠠ ᠨᠡᠭᠦᠳᠡᠯᠯᠡᠨ᠂ ᠵᠦᠮᠦᠯᠠᠩᠮᠠ ᠤᠷᠭᠢᠯ ᠢ ᠲᠠᠪᠠᠵᠤ᠂ ᠡᠨᠡᠳᠬᠡᠭ ᠤᠨ ᠤᠷᠤᠰᠢᠨ ᠠᠮᠢᠳᠤᠷᠠᠬᠤ ᠭᠠᠵᠠᠷ ᠲᠤ ᠬᠦᠷᠳᠡᠭ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号