ᠮᠠᠨ ᠤ ᠬᠤᠰᠢᠭᠤᠨ ᠤ ᠡᠯ᠎ᠡ ᠰᠠᠯᠠᠭ᠎ᠠ ᠮᠦᠴᠢᠷ ︽5·17︾ ᠳᠡᠯᠡᠬᠡᠢ ᠶᠢᠨ ᠴᠠᠬᠢᠯᠭᠠᠨ ᠬᠤᠯᠪᠤᠭ᠎ᠠ ᠪᠠ ᠮᠡᠳᠡᠭᠡ ᠵᠠᠩᠭᠢ ᠶᠢᠨ ᠨᠡᠶᠢᠬᠡᠮ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2022/5/19
     5 ᠳ᠋ᠤᠭᠠᠷ ᠰᠠᠷ᠎ᠠ ᠶᠢᠨ 17᠎ ᠤ ᠡᠳᠦᠷ ᠪᠤᠯ ᠳᠡᠯᠡᠬᠡᠢ ᠶᠢᠨ ᠴᠠᠬᠢᠯᠭᠠᠨ ᠬᠤᠯᠪᠤᠭ᠎ᠠ ᠪᠠ ᠮᠡᠳᠡᠭᠡ ᠵᠠᠩᠭᠢ ᠶᠢᠨ ᠨᠡᠶᠢᠬᠡᠮ ᠤᠨ ᠡᠳᠦᠷ ᠪᠤᠯᠤᠨ᠎ᠠ᠃ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠠᠮᠦᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠪᠦᠬᠦ ᠬᠤᠰᠢᠭᠤᠨ ᠤ ᠴᠠᠬᠢᠯᠭᠠᠨ ᠬᠦᠴᠤ᠂ ᠴᠠᠬᠢᠯᠭᠠᠨ ᠬᠤᠯᠪᠤᠭ᠎ᠠ᠂ ᠷᠠᠳᠢᠤ᠋ ᠲᠧᠯᠸᠢᠰ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ︽ᠭᠤᠷᠪᠠᠨ ᠴᠠᠬᠢᠯᠭᠠᠨ︾᠎ ᠤ ᠲᠤᠨᠤᠭ ᠲᠦᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ       ᠦᠷᠨᠢᠬᠦᠯᠪᠡ᠃      ᠲᠤᠰ ᠤᠬᠠᠭᠤᠯᠭ᠎ᠠ ᠶᠢᠨ ᠠᠵᠢᠯᠯᠠᠭ᠎ᠠ ᠨᠢ ᠵᠡᠭᠡᠯᠢ ᠭᠤᠳᠤᠮᠵᠢ᠂ ᠵᠠᠮ ᠳᠠᠭᠠᠤ ᠠᠷᠠᠯᠵᠢᠶ᠎ᠠ ᠬᠤᠳᠠᠯᠳᠤᠭ᠎ᠠ ᠵᠡᠷᠭᠡ ᠬᠦᠮᠦᠨ ᠤᠯᠠᠨ ᠴᠤᠭᠯᠠᠷᠠᠳᠠᠭ ᠭᠠᠵᠠᠷ ᠲᠤ ᠶᠠᠪᠤᠭᠳᠠᠵᠤ᠂  ᠠᠬᠤᠢ ᠲᠠᠯᠠᠪᠠᠢ ᠳᠤ ᠬᠦᠨᠳᠡᠯᠡᠨ ᠪᠢᠴᠢᠭᠡᠰᠦ ᠡᠯᠬᠦᠭᠦ᠂ ᠤᠬᠠᠭᠤᠯᠭ᠎ᠠ ᠶᠢᠨ ᠦᠵᠡᠭᠦᠯᠭᠡ ᠶᠢᠨ ᠬᠠᠪᠲᠠᠰᠤ ᠲᠤᠬᠢᠷᠠᠭᠤᠯᠬᠤ᠂ ᠯᠠᠪᠯᠠᠨ ᠠᠰᠠᠭᠤᠬᠤ ᠴᠡᠭ ᠪᠠᠶᠢᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠤᠯᠠᠨ ᠲᠦᠮᠡᠨ ᠳᠤ ︽ᠴᠠᠬᠢᠯᠭᠠᠨ ᠬᠦᠴᠤ᠂ ᠴᠠᠬᠢᠯᠭᠠᠨ ᠬᠤᠯᠪᠤᠭ᠎ᠠ᠂ ᠷᠠᠳᠢᠤ᠋ ᠲᠧᠯᠸᠢᠰ︾᠎ ᠤᠨ ᠲᠤᠨᠤᠭ ᠲᠦᠬᠦᠭᠡᠷᠦᠮᠵᠢ ᠶᠢᠨ ᠠᠮᠦᠷ ᠲᠦᠪᠰᠢᠨ ᠤ       ᠬᠠᠮᠠᠭᠠᠯᠠᠯᠲᠠ ᠶᠢᠨ ᠮᠡᠳᠡᠯᠭᠡ ᠵᠢᠴᠢ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠤᠨ ᠤᠬᠠᠭᠤᠯᠭ᠎ᠠ ᠶᠢ ᠬᠢᠵᠦ᠂ ᠦᠷᠭᠡᠨ ᠤᠯᠠᠨ ᠰᠠᠭᠤᠭᠠᠯᠢ ᠠᠷᠠᠳ ᠤᠨ ᠴᠠᠬᠢᠯᠭᠠᠨ ᠬᠦᠴᠦ᠂ ᠴᠢᠮᠡᠭᠡ ᠬᠤᠯᠪᠤᠭ᠎ᠠ᠂ ᠷᠠᠳᠢᠤ᠋ ᠲᠧᠯᠸᠢᠰ ᠤᠨ ᠴᠠᠬᠢᠯᠭᠠᠨ ᠱᠤᠭᠤᠮ ᠪᠠ ᠲᠤᠨᠤᠭ ᠲᠦᠬᠦᠭᠡᠷᠦᠮᠵᠢ ᠶᠢᠨ ᠠᠮᠦᠷ ᠲᠦᠪᠰᠢᠨ ᠤ ᠬᠠᠮᠠᠭᠠᠯᠠᠯᠲᠠ ᠳᠠᠬᠢ ᠲᠠᠨᠢᠯᠲᠠ ᠪᠠ  ᠣᠶᠢᠯᠠᠭᠠᠯᠲᠠ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠮᠦᠨᠴᠤ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ᠂ ᠤᠯᠠᠨ ᠲᠦᠮᠡᠨ ᠤ ︽ᠴᠠᠬᠢᠯᠭᠠᠨ ᠬᠦᠴᠤ᠂ ᠴᠠᠬᠢᠯᠭᠠᠨ ᠬᠤᠯᠪᠤᠭ᠎ᠠ᠂ ᠷᠠᠳᠢᠤ᠋ ᠲᠧᠯᠸᠢᠰ︾᠎ ᠤᠨ ᠲᠤᠨᠤᠭ ᠲᠦᠬᠦᠭᠡᠷᠦᠮᠵᠢ ᠶᠢ ᠬᠠᠮᠠᠭᠠᠯᠠᠬᠤ ᠬᠠᠤᠯᠢ ᠴᠠᠭᠠᠵᠠ ᠶᠢᠨ ᠤᠬᠠᠮᠰᠠᠷ ᠢ ᠲᠡᠭᠡᠭᠰᠢᠯᠡᠬᠦᠵᠤ᠂ ᠤᠯᠠᠨ ᠲᠦᠮᠡᠨ ᠢ ᠲᠠᠶᠢᠴᠢᠯᠠᠨ ︽ᠭᠤᠷᠪᠠᠨ ᠴᠠᠬᠢᠯᠭᠠᠨ︾᠎ ᠤ ᠲᠤᠨᠤᠭ ᠲᠦᠬᠦᠭᠡᠷᠦᠮᠵᠢ ᠶᠢᠨ ᠠᠮᠦᠷ ᠲᠦᠪᠰᠢᠨ ᠢ ᠬᠠᠮᠠᠭᠠᠯᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠤᠷᠤᠯᠴᠠᠭᠤᠯᠤᠨ᠂ ᠴᠠᠬᠢᠯᠭᠠᠨ ᠬᠤᠯᠪᠤᠭ᠎ᠠ᠂ ᠴᠠᠬᠢᠯᠭᠠᠨ ᠬᠦᠴᠦ᠂ ᠷᠠᠳᠢᠤ᠋ ᠲᠧᠯᠸᠢᠰ ᠤᠨ ᠲᠤᠨᠤᠭ       ᠲᠦᠬᠦᠭᠡᠷᠦᠮᠵᠢ ᠶᠢᠨ ᠬᠡᠪ ᠤᠨ ᠪᠠᠶᠢᠳᠠᠯ ᠢᠶᠠᠷ ᠠᠵᠢᠯᠯᠠᠬᠤ ᠶᠢ ᠪᠦᠬᠦ ᠬᠦᠴᠦᠨ ᠢᠶᠠᠷ ᠬᠠᠮᠠᠭᠠᠯᠠᠵᠤ᠂ ᠠᠮᠦᠷ ᠲᠦᠪᠰᠢᠨ ᠴᠢᠨᠠᠷ ᠰᠠᠶᠢᠲᠠᠢ ᠪᠠᠷ ᠴᠠᠬᠢᠯᠭᠠᠨ ᠬᠠᠩᠭᠠᠵᠤ ᠬᠡᠷᠡᠭᠯᠡᠬᠦ ᠨᠡᠶᠢᠬᠡᠮ ᠤᠨ ᠠᠭᠤᠷ ᠠᠮᠢᠰᠬᠤᠯ ᠢ ᠪᠤᠢ ᠪᠤᠯᠭᠠᠨ᠂ ᠴᠠᠬᠢᠯᠭᠠᠨ ᠬᠠᠩᠭᠠᠬᠤ ᠲᠤᠨᠤᠭ ᠲᠦᠬᠦᠭᠡᠷᠦᠮᠵᠢ ᠶᠢᠨ ᠠᠮᠦᠷ ᠲᠦᠪᠰᠢᠨ ᠲᠤᠭᠲᠠᠭᠤᠨ ᠢᠶᠠᠷ ᠠᠵᠢᠯᠯᠠᠬᠤ ᠶᠢ ᠪᠠᠳᠤᠯᠠᠬᠤ ᠳᠤ  ᠰᠠᠶᠢᠨ ᠰᠠᠶᠢᠬᠠᠨ ᠤᠷᠴᠢᠨ ᠨᠦᠭᠦᠴᠡᠯ ᠢ ᠪᠤᠢ ᠪᠤᠯᠭᠠᠪᠠ᠃      ᠡᠵᠡᠨ᠎ᠡ ᠶᠢᠨ ᠴᠠᠬᠢᠯᠭᠠᠨ ᠬᠠᠩᠭᠠᠬᠤ ᠺᠤᠮᠫᠠᠨᠢ ᠶᠢᠨ ᠠᠮᠦᠷ ᠢ ᠬᠠᠮᠠᠭᠠᠯᠠᠭᠴᠢ ᠰᠦᠨ ᠲᠢᠩ ᠠᠴᠠ᠂ ᠮᠠᠨ ᠤ ᠴᠠᠬᠢᠯᠭᠠᠨ ᠬᠠᠩᠭᠠᠬᠤ ᠺᠤᠮᠫᠠᠨᠢ ᠨᠢ ᠳᠤᠲᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠠᠢ ᠬᠤᠯᠪᠤᠭᠠᠯᠠᠨ ᠡᠨᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠦᠭᠰᠡᠨ ᠨᠢ ᠪᠦᠬᠦ ᠠᠷᠠᠳ ᠤᠨ ᠡᠳᠦᠷ ᠳᠤᠲᠤᠮ ᠤᠨ ᠠᠮᠢᠳᠤᠷᠠᠯ ᠳᠤᠮᠳᠠ ᠪᠠᠨ ᠠᠮᠦᠷ ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠴᠠᠬᠢᠯᠭᠠᠨ ᠬᠦᠴᠦᠨ ᠤ ᠲᠦᠬᠦᠭᠡᠷᠦᠮᠵᠢ ᠶᠢ ᠬᠠᠮᠠᠭᠠᠯᠠᠬᠤ ᠠᠮᠦᠷ ᠲᠦᠪᠰᠢᠨ ᠤ ᠲᠠᠨᠢᠯᠲᠠ ᠶᠢ ᠴᠢᠩᠭᠠᠳᠬᠠᠵᠤ᠂ ᠬᠠᠮᠲᠤ ᠳᠤ ᠪᠠᠨ ᠠᠮᠦᠷ ᠲᠦᠪᠰᠢᠨ ᠡᠶ᠎ᠡ ᠵᠤᠬᠢᠴᠠᠯ ᠲᠠᠢ ᠨᠡᠶᠢᠬᠡᠮ ᠤᠨ ᠤᠷᠴᠢᠨ ᠨᠦᠬᠦᠴᠡᠯ ᠢ ᠪᠠᠶᠢᠭᠤᠯᠬᠤ ᠶᠢᠨ ᠲᠦᠯᠦᠭᠡ ᠶᠤᠮ ᠭᠡᠵᠦ ᠶᠠᠷᠢᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号