ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/25
     5 ᠳ᠋ᠤᠭᠠᠷ ᠰᠠᠷ᠎ᠠ ᠶᠢᠨ 19᠎ ᠤ ᠡᠳᠦᠷ᠂ ᠬᠤᠰᠢᠭᠤᠨ  ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠯᠢ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠣᠭᠤᠯᠪᠠ᠃ ᠬᠤᠷᠠᠯ ᠳᠤ᠂ ᠠᠶᠢᠮᠠᠭ ᠤᠨ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠲᠠᠮᠵᠢᠭᠤᠯᠤᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ 2021 ᠣᠨ ᠤ ᠠᠵᠢᠯ ᠤᠨ ᠳ᠋ᠦᠩᠨᠡᠯᠲᠡ ᠪᠠ 2022 ᠣᠨ ᠤ ᠠᠵᠢᠯ ᠤᠨ ᠭᠤᠣᠯᠳᠠᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠢ  ᠪᠠᠶᠢᠷᠢᠯᠠᠭᠤᠯᠣᠨ ᠳᠣᠬᠢᠷᠠᠭᠤᠯᠣᠪᠠ᠃ ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠡᠯ᠎ᠡ ᠭᠡᠰᠢᠭᠦᠳ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ       ᠣᠷᠣᠯᠴᠠᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠄ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠳᠠ ᠪᠠᠷᠢᠮᠳᠠᠯᠠᠨ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠣᠬᠢᠶᠠᠯ ᠢ ᠰᠠᠶᠢᠳᠤᠷ ᠠᠰᠢᠭᠯᠠᠨ ᠳᠠᠪᠠᠭᠤᠯᠢᠭ ᠳᠡᠯ᠎ᠠ ᠢᠶᠠᠨ ᠬᠦᠢᠴᠡᠳ ᠪᠠᠳᠠᠷᠠᠭᠤᠯᠵᠤ᠂ ᠤᠯᠤᠰ ᠤᠨ ᠭᠠᠳᠠᠭᠠᠳᠤ ᠨᠡᠭᠡᠭᠡᠯᠲᠡ ᠶᠢᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠠᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠭᠠᠳᠠᠭᠠᠳᠤ ᠬᠠᠷᠢᠯᠴᠠᠭᠠᠨ ᠤ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠮᠠᠷᠠᠳᠤ ᠨᠡᠭᠡᠭᠡᠯᠲᠡ ᠶᠢᠨ ᠴᠢᠬᠤᠯᠠ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠳᠠᠭᠠᠳᠤ ᠶᠠᠪᠤᠳᠠᠯ ᠤᠨ ᠡᠬᠢ ᠪᠠᠶᠠᠯᠢᠭ ᠤᠨ ᠠᠷᠭ᠎ᠠ ᠵᠠᠮ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠭᠠᠳᠠᠭᠠᠳᠤ ᠬᠠᠷᠢᠯᠴᠠᠭᠠᠨ ᠤ ᠠᠵᠢᠯ ᠤᠨ ᠰᠢᠨ᠎ᠡ ᠶᠢ ᠡᠬᠦᠳᠬᠦ ᠬᠦᠭᠵᠢᠯᠲᠡ ᠶᠢ ᠪᠦᠳᠦᠮᠵᠢᠲᠠᠢ ᠠᠬᠢᠭᠤᠯᠤᠨ᠂  ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠬᠤ ᠳᠠᠭᠠᠨ᠄ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠠᠳᠠᠭᠠᠳᠤ ᠶᠠᠪᠤᠳᠠᠯ ᠤᠨ ᠠᠵᠢᠯ ᠤᠨ ᠴᠢᠭᠯᠡᠯ ᠢ ᠣᠨᠣᠪᠴᠢᠲᠠᠢ ᠡᠵᠡᠮᠳᠡᠬᠦ ᠬᠡᠷᠡᠭᠲᠡᠢ᠃ ᠨᠠᠮ ᠤᠨ ᠭᠠᠳᠠᠭᠠᠳᠤ ᠶᠠᠪᠤᠳᠠᠯ ᠤᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠣᠨ᠂ ᠭᠠᠳᠠᠭᠠᠳᠤ ᠶᠠᠪᠤᠳᠠᠯ ᠤᠨ ᠠᠵᠢᠯ ᠤᠨ ᠨᠢᠭᠳᠠᠷᠠᠯ ᠤᠨ ᠬᠦᠴᠦᠨ ᠢ ᠪᠦᠷᠢᠯᠳᠦᠬᠦᠯᠵᠦ᠂ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠳᠠᠰᠤᠷᠠᠯᠳᠠ ᠦᠭᠡᠢ ᠬᠦᠨᠵᠡᠭᠡᠶᠢᠷᠡᠬᠦᠯᠦᠨ᠂ ᠡᠯ᠎ᠡ ᠳᠦᠷᠦᠯ ᠤᠨ ᠠᠵᠢᠯ ᠤᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠭᠠᠳᠠᠭᠠᠳᠤ ᠶᠠᠪᠤᠳᠠᠯ ᠤᠨ ᠠᠵᠢᠯ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠦᠢᠯᠡᠴᠢᠯᠡᠭᠡᠨ ᠤ ᠬᠠᠮᠢᠶᠠᠷᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ ︽ᠨᠢᠭᠡ ᠪᠦᠰᠡ ᠨᠢᠭᠡ ᠵᠠᠮ︾ ᠪᠣᠯᠣᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ  ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠴᠡᠭᠡ ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠠᠶᠢᠷᠢ ᠰᠠᠭᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠤᠨ ᠰᠡᠷᠭᠡᠶᠢᠯᠡᠨ ᠬᠠᠮᠠᠭᠠᠯᠠᠯᠲᠠ ᠶᠢ ᠪᠠᠬᠢᠵᠢᠭᠦᠯᠬᠦ ᠴᠢᠳᠠᠪᠤᠷᠢ ᠶᠢᠨ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠡᠷᠬᠡᠪᠰᠢ ᠭᠠᠳᠠᠭᠠᠳᠤ ᠶᠠᠪᠤᠳᠠᠯ ᠤᠨ ᠦᠢᠯᠡᠴᠢᠯᠡᠭᠡ ᠶᠢ ᠵᠢᠷᠤᠮᠵᠢᠭᠤᠯᠵᠤ᠂ ᠭᠠᠳᠠᠭᠠᠳᠤ ᠬᠠᠷᠢᠯᠴᠠᠭᠠᠨ ᠤ ᠠᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠭᠠᠳᠠᠭᠠᠳᠤ ᠶᠠᠪᠤᠳᠠᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠳᠠᠰᠤᠷᠠᠯᠳᠠ ᠦᠭᠡᠢ ᠴᠢᠩᠭᠠᠳᠬᠠᠵᠤ᠂ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠪᠦᠭᠦ ᠬᠦᠴᠦᠨ ᠢᠶᠠᠷ ᠢᠶᠠᠨ ᠳᠦᠯᠬᠢᠨ ᠠᠬᠢᠭᠤᠯᠵᠤ᠂ ᠰᠢᠯᠢᠳᠡᠭ ᠪᠦᠳᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号