ᠮᠠᠨ ᠤ ᠬᠤᠰᠢᠭᠤ ᠨᠢ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ | ᠨᠤᠭᠤ ᠭᠠᠵᠠᠷ ᠢ ᠬᠠᠮᠠᠭᠠᠯᠠᠬᠤ ᠡᠯ᠎ᠡ ᠳᠦᠷᠦᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠣᠨ᠂ | ᠰᠣᠪᠨᠠᠭᠤᠷ ᠤᠨ 17 ᠵᠢᠯ ᠳᠠᠷᠠᠭᠠᠯᠠᠨ ᠤᠰᠤ ᠰᠢᠷᠬᠢᠬᠦ ᠦᠭᠡᠢ ᠪᠠᠶᠢᠬᠤ ᠶᠢ ᠳᠣᠣᠱᠲᠠᠢ ᠪᠠᠶᠠᠯᠡᠬᠦᠯᠦᠭᠰᠡᠨ ᠠᠴᠠ | ᠰᠤᠪᠨᠠᠭᠤᠷ ᠤᠨ ᠨᠤᠭᠤ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠥᠷᠬᠦᠯᠵᠢᠭᠦᠶᠢᠴᠡ ᠰᠠᠶᠢᠵᠢᠷᠠᠵᠤ᠂ | ᠬᠦᠮᠦᠨ ᠠᠷᠠᠳ ᠤᠨ ᠰᠡᠳᠬᠢᠯ ᠢ ᠪᠠᠶᠠᠰᠬᠠᠭᠰᠠᠨ ᠡᠬᠡ ᠪᠠᠶᠢᠭᠠᠯᠠᠢ ᠶᠢᠨ ᠡᠶ᠎ᠡ ᠵᠤᠬᠢᠴᠠᠯᠳᠤ ᠭᠤᠶᠢᠳᠠ ᠰᠠᠶᠢᠬᠠᠨ | ᠥᠩᠭᠡ ᠥᠵᠡᠮᠵᠢ ᠶᠢ ᠪᠥᠷᠢᠯᠳᠥᠭᠦᠯᠥᠭᠰᠡᠨ ᠪᠠᠶᠢᠨ᠎ᠠ᠃ | | | | | 5 ᠳ᠋ᠤᠭᠠᠷ ᠰᠠᠷ᠎ᠠ ᠶᠢᠨ ᠰᠣᠪᠨᠠᠭᠤᠷ ᠨᠢ ᠠᠷᠴᠢᠭᠰᠠᠨ ᠲᠣᠯᠢ ᠮᠡᠲᠦ ᠲᠤᠩᠭᠠᠯᠠᠭ ᠪᠠᠶᠢᠵᠤ᠂ ᠨᠡᠭᠦᠳᠡᠯ ᠤᠨ | ᠰᠢᠪᠠᠭᠤᠳ ᠭᠠᠩᠭᠠᠨᠠᠯᠳᠤᠨ ᠨᠠᠭᠤᠷ ᠤᠨ ᠤᠰᠤᠨ ᠳᠤ ᠴᠡᠩᠭᠡᠯᠳᠤᠵᠤ᠂ ᠡᠬᠡ ᠪᠠᠶᠢᠭᠠᠯᠢ ᠶᠢᠨ ᠡᠶ᠎ᠡ ᠵᠤᠬᠢᠴᠠᠯᠳᠤ | ᠭᠤᠶᠢᠳᠠ ᠰᠠᠶᠢᠬᠠᠨ ᠦᠵᠡᠮᠵᠢ ᠶᠢ ᠪᠦᠷᠢᠯᠳᠦᠭᠦᠯᠦᠨ ᠬᠦᠮᠦᠨ ᠵᠤᠨ ᠤ ᠬᠠᠷᠠᠭ᠎ᠠ ᠶᠢ ᠪᠠᠶᠠᠰᠬᠠᠨ ᠰᠡᠳᠬᠢᠯ ᠢ | ᠰᠡᠷᠭᠦᠭᠡᠨ᠎ᠡ᠃ | ᠨᠤᠭᠤ ᠭᠠᠵᠠᠷ ᠤᠨ ᠡᠬᠢ ᠪᠠᠶᠠᠯᠢᠭ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠥᠨᠳᠣᠰᠣᠯᠠᠪᠠᠯ᠂ | ᠰᠣᠪᠨᠠᠭᠤᠷ ᠤᠨ ᠨᠤᠭᠤ ᠭᠠᠵᠠᠷ ᠤᠨ ᠶᠡᠷᠦᠩᠬᠡᠢ ᠲᠠᠯᠠᠪᠠᠶ 5881.87 ᠾᠧᠺᠲ᠋ᠠᠷ ᠪᠠᠶᠢᠵᠤ᠂ ᠪᠥᠬᠦ ᠬᠤᠰᠢᠭᠤᠨ ᠤ | ᠨᠤᠭᠤ ᠭᠠᠵᠠᠷ ᠤᠨ ᠶᠡᠷᠦᠩᠬᠡᠢ ᠲᠠᠯᠠᠪᠠᠶ ᠶᠢᠨ 13.17% ᠶᠢ ᠡᠵᠡᠯᠡᠵᠤ ᠪᠤᠢ᠃ ᠰᠣᠪᠨᠠᠭᠤᠷ ᠤᠨ ᠨᠣᠭᠤ ᠭᠠᠵᠠᠷ ᠨᠢ | ᠡᠵᠡᠨ᠎ᠡ ᠶᠢᠨ ᠨᠣᠭᠤᠭᠠᠨ ᠪᠦᠷᠢᠳᠦ ᠶᠢᠨ ᠠᠮᠢ ᠠᠬᠤᠢ ᠶᠢᠨ ᠲᠡᠩᠴᠡᠭᠦᠷᠢ ᠶᠢ ᠪᠠᠲᠤᠯᠠᠬᠤ ᠳᠤ ᠲᠤᠶᠢᠯ ᠤᠨ ᠴᠢᠬᠤᠯᠠ | ᠦᠢᠯᠡᠳᠦᠯ ᠥᠵᠡᠭᠦᠯᠳᠡᠭ ᠪᠣᠯᠬᠤᠷ ᠮᠠᠨ ᠤ ᠬᠤᠰᠢᠭᠤ ᠨᠢ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ | ᠲᠣᠬᠢᠷᠠᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ᠂ ᠰᠠᠭᠤᠷᠢ ᠲᠦᠬᠦᠭᠡᠷᠤᠮᠵᠢ ᠵᠡᠷᠭᠡ ᠲᠠᠯ᠎ᠠ ᠪᠠᠷ | ᠨᠤᠭᠤ ᠭᠠᠵᠠᠷ ᠢ ᠬᠠᠮᠠᠭᠠᠯᠠᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠰᠠᠨ ᠪᠠᠷ ᠪᠠᠷᠠᠬᠤ ᠦᠭᠡᠢ ᠨᠤᠭᠤ ᠭᠠᠵᠠᠷ ᠢ | ᠬᠠᠮᠠᠭᠠᠯᠠᠬᠤ ᠶᠢᠨ ᠳᠣᠰᠠᠳᠠ ᠪᠠᠰᠠ ᠡᠷᠬᠢᠨ ᠲᠣᠭᠤᠷᠢᠨ ᠳᠤᠨᠢ 1000 ᠭᠠᠷᠤᠢ ᠮᠦ ᠵᠠᠭ ᠳᠠᠷᠢᠵᠤ᠂ ᠰᠠᠯᠬᠢ ᠶᠢ | ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠵᠠᠢ᠃ | | | | | | | | | ᠡᠵᠡᠨ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠲᠠᠰᠤᠭ ᠤᠨ ᠳᠠᠷᠤᠭ᠎ᠠ ᠮᠠ ᠽᠦ | ᠵᠢᠶᠦ᠋ᠨ ᠠᠴᠠ᠂ ᠪᠢᠳᠡ ᠡᠨᠡᠬᠦ ᠨᠤᠭᠤ ᠭᠠᠵᠠᠷ ᠤᠨ ᠬᠠᠮᠠᠭᠠᠯᠠᠯᠲᠠ ᠶᠢᠨ ᠠᠵᠢᠯ ᠳᠠᠭᠠᠨ ᠲᠣᠭᠤᠷᠢᠨ ᠬᠠᠮᠠᠭᠠᠯᠠᠬᠤ | ᠣᠩᠭᠤᠴᠠ᠂ ᠲᠡᠷᠭᠡ ᠬᠥᠰᠬᠡ ᠶᠢ ᠲᠣᠬᠢᠷᠠᠭᠤᠯᠵᠤ᠂ ᠨᠠᠭᠤᠷ ᠤᠨ ᠡᠷᠬᠢᠨ ᠲᠣᠭᠤᠷᠢᠨ ᠳᠤ 5 ᠬᠢᠨᠠᠨ ᠡᠵᠡᠮᠳᠡᠬᠦ | ᠰᠤᠪᠤᠷᠭ᠎ᠠ ᠶᠢ ᠪᠠᠶᠢᠭᠤᠯᠣᠨ᠂ ᠠᠵᠢᠯ ᠤᠨ ᠬᠦᠴᠦᠯᠡᠴᠠ ᠪᠠᠨ ᠪᠦᠲᠦᠮᠵᠢᠲᠡᠢ ᠴᠢᠩᠭᠠᠳᠬᠠᠪᠠ ᠭᠡᠵᠦ ᠪᠠᠶᠢᠯ᠎ᠠ᠃ | ᠣᠶᠢᠷ᠎ᠠ ᠶᠢᠨ ᠵᠢᠯ ᠠᠴᠠ ᠨᠠᠰᠢ᠂ ᠬᠠᠷ᠎ᠠ ᠭᠤᠣᠯ ᠤᠨ ᠤᠰᠤᠨ ᠤ ᠡᠬᠢ ᠪᠠᠶᠠᠯᠢᠭ ᠢ ᠨᠢᠭᠡᠳᠦᠯᠲᠡᠢ | ᠲᠣᠬᠢᠷᠠᠭᠤᠯᠤᠨ ᠬᠠᠮᠢᠶᠠᠷᠬᠤ ᠪᠠ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠᠷ ᠳᠠᠮᠵᠢᠨ᠂ ᠮᠠᠨ ᠤ ᠬᠤᠰᠢᠭᠤ ᠨᠢ | ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠵᠤ᠂ ᠰᠣᠪᠨᠠᠭᠤᠷ ᠤᠨ ᠨᠤᠭᠤ ᠭᠠᠵᠠᠷ ᠤᠨ | ᠠᠮᠢ ᠠᠬᠤᠢ ᠶᠢᠨ ᠬᠡᠷᠡᠭᠰᠡᠬᠦ ᠤᠰᠤᠨ ᠤ ᠬᠡᠮᠵᠢᠶ᠎ᠡ ᠶᠢ ᠪᠦᠲᠦᠮᠵᠢᠲᠡᠶ ᠪᠠᠳᠤᠯᠠᠨ᠂ ᠰᠣᠪᠨᠠᠭᠤᠷ ᠤᠨ ᠨᠤᠭᠤ ᠭᠠᠵᠠᠷ ᠤᠨ | ᠤᠰᠤᠨ ᠤ ᠲᠠᠯᠠᠪᠠᠶ ᠶᠢ ᠦᠨᠳᠦᠰᠦᠨ ᠳᠡᠭᠡᠨ 40 ᠲᠡᠭᠰᠢ ᠳᠥᠷᠪᠡᠯᠵᠢᠨ ᠺᠢᠯᠣᠮᠧᠲᠷ ᠣᠷᠴᠢᠮ ᠪᠠᠶᠢᠯᠭᠠᠵᠤ᠂ ᠨᠤᠭᠤ | ᠭᠠᠵᠠᠷ ᠵᠢᠴᠢ ᠡᠷᠬᠢᠨ ᠲᠣᠭᠤᠷᠢᠨ ᠤ ᠠᠮᠢ ᠠᠬᠤᠢ ᠶᠢᠨ ᠰᠢᠰᠲ᠋ᠧᠮ ᠤᠨ ᠴᠢᠳᠠᠮᠵᠢ ᠶᠢ ᠢᠯᠡᠳᠲᠡ ᠰᠠᠶᠢᠵᠢᠷᠠᠭᠤᠯᠣᠨ᠂ | ᠡᠵᠡᠨ᠎ᠡ ᠶᠢᠨ ᠨᠣᠭᠤᠭᠠᠨ ᠪᠦᠷᠢᠳᠦ ᠶᠢᠨ ᠠᠮᠢ ᠠᠬᠤᠢ ᠶᠢᠨ ᠮᠠᠭᠤᠳᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠪᠠ᠃ | ᠰᠤᠪᠨᠠᠭᠤᠷ ᠤᠨ ᠨᠤᠭᠤ ᠭᠠᠵᠠᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠰᠠᠶᠢᠵᠢᠷᠠᠬᠤ ᠶᠢ ᠲᠠᠭᠠᠯᠳᠤᠨ᠂ ᠨᠡᠩ | ᠤᠯᠠᠨ ᠨᠡᠭᠦᠳᠡᠯ ᠤᠨ ᠰᠢᠪᠠᠭᠤᠳ ᠠᠳᠡ ᠨᠡᠭᠦᠳᠡᠯᠯᠡᠨ ᠢᠷᠡᠵᠤ᠂ ᠰᠤᠪᠨᠠᠭᠤᠷ ᠨᠢ ᠨᠢᠭᠡᠨᠳᠡ ᠡᠮᠤᠨᠡᠰᠢ ᠤᠮᠠᠷᠠᠰᠢ | ᠨᠡᠭᠦᠳᠡᠯᠯᠡᠬᠦ ᠰᠢᠪᠠᠭᠤᠳ ᠤᠨ ᠪᠠᠭᠤᠳᠠᠯ ᠤᠨ ᠭᠠᠵᠠᠷ ᠪᠤᠯᠤᠭᠰᠨ ᠪᠠᠶᠢᠨ᠎ᠠ᠃ ᠡᠨᠡ ᠵᠢᠯ᠂ ᠰᠣᠪᠨᠠᠭᠤᠷ ᠤᠨ ᠨᠤᠭᠤ | ᠭᠠᠵᠠᠷ ᠲᠤ ᠨᠡᠶᠢᠲᠡ 128 ᠲᠥᠷᠥᠯ ᠤᠨ ᠰᠢᠪᠠᠭᠤᠨ ᠤ ᠲᠥᠷᠥᠯ ᠢ ᠬᠢᠨᠠᠨ ᠬᠡᠮᠵᠢᠭᠳᠡᠵᠦ᠂ ᠡᠭᠦᠨ ᠳᠤ᠂ ᠤᠯᠤᠰ ᠤᠨ | ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠰᠢᠪᠠᠭᠤᠨ ᠤ ᠲᠥᠷᠥᠯ 10 ᠲᠥᠷᠥᠯ᠂ ᠤᠯᠤᠰ ᠤᠨ ᠬᠤᠶᠠᠳᠤᠭᠠᠷ | ᠳᠡᠰ ᠤᠨ ᠬᠠᠮᠠᠭᠠᠯᠠᠯᠲᠠ ᠶᠢᠨ ᠰᠢᠪᠠᠭᠤᠨ ᠤ ᠲᠥᠷᠥᠯ 26 ᠲᠥᠷᠥᠯ᠂ ᠥᠷ᠎ᠠ ᠠᠰᠢᠭᠲᠤ᠂ ᠠᠵᠤ ᠠᠬᠤᠢ ᠶᠢᠨ | ᠴᠢᠬᠤᠯᠠ ᠦᠨ᠎ᠡ ᠴᠡᠨ᠎ᠡ ᠲᠠᠢ ᠲᠡᠷᠡᠴᠢᠯᠡᠨ ᠰᠢᠨᠵᠢᠯᠡᠬᠦ ᠤᠬᠠᠭᠠᠨ ᠤ ᠰᠤᠳᠤᠯᠭᠠᠨ ᠤ ᠦᠨ᠎ᠡ ᠴᠡᠨ᠎ᠡ ᠲᠠᠢ ᠬᠡᠭᠡᠷ᠎ᠡ ᠶᠢᠨ | ᠠᠮᠢᠲᠠᠨ ᠤ ᠲᠦᠷᠦᠯ 92 ᠵᠦᠢᠯ ᠪᠤᠢ᠃ | | | | | | | | | ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ᠶᠢᠨ ᠳᠡᠳ᠋ ᠳᠠᠷᠤᠭ᠎ᠠ ᠹᠠᠨ ᠵᠢᠶᠠᠨ ᠯᠢ ᠠᠴᠠ᠂ ᠪᠢᠳᠡ 2021 ᠣᠨ ᠠᠴᠠ 2025 | ᠣᠨ ᠬᠦᠷᠲᠡᠯᠡᠬᠢ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ ᠨᠢᠭᠡᠨᠲᠡ ᠨᠠᠶᠢᠷᠠᠭᠤᠯᠤᠨ ᠵᠣᠬᠢᠶᠠᠵᠤ | ᠳᠠᠭᠤᠰᠬᠠᠪᠠ᠂ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ ᠨᠤᠭᠤ ᠭᠠᠵᠠᠷ ᠤᠨ ᠬᠠᠮᠠᠭᠠᠯᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠨᠤᠭᠤ ᠭᠠᠵᠠᠷ ᠢ ᠰᠠᠶᠢᠲᠤᠷ ᠬᠠᠮᠠᠭᠠᠯᠠᠬᠤ ᠪᠣᠯ ᠨᠡᠭᠦᠳᠡᠯ ᠤᠨ ᠰᠢᠪᠠᠭᠤᠳ ᠤᠨ ᠭᠡᠷ | ᠣᠷᠣᠨ ᠢ ᠰᠠᠶᠢᠲᠤᠷ ᠬᠠᠮᠠᠭᠠᠯᠠᠵᠤ ᠪᠠᠶᠢᠭ᠎ᠠ ᠶᠠᠪᠤᠳᠠᠯ ᠪᠣᠯᠣᠨ᠎ᠠ ᠭᠡᠪᠡ᠃ | | | | | | | |