ᠱᠤᠸᠠᠢ ᠰᠢᠶᠠ ᠵᠠᠯᠠᠭᠤ ᠽᠠᠨᠳᠠᠨ ᠨᠠᠰᠤ ᠪᠠᠨ ᠰᠤᠷᠭᠠᠨ ᠬᠦᠮᠦᠵᠢᠯ ᠤᠨ ᠣᠶᠢᠯᠡᠰ ᠲᠤ ᠡᠷᠬᠦᠨᠡᠮ
ᠨᠡᠶᠢᠲᠡᠯᠡᠭᠰᠡᠨ ᠴᠠᠭ᠄
2022/5/27
     ᠱᠤᠸᠠᠢ ᠰᠢᠶᠠ ᠪᠣᠯ ᠡᠵᠡᠨ᠎ᠡ ᠬᠤᠰᠢᠭᠤᠨ ᠤ ᠬᠡᠦᠬᠡᠳ ᠤᠨ ᠴᠡᠴᠡᠷᠯᠢᠭ ᠤᠨ ᠡᠪᠯᠡᠯ ᠤᠨ ᠡᠭᠦᠷ ᠤᠨ ᠱᠦᠵᠢ᠂ ᠨᠠᠮ ᠤᠨ ᠡᠭᠦᠷ ᠤᠨ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ᠂ ᠠᠰᠠᠷᠠᠨ ᠬᠥᠮᠥᠵᠢᠭᠦᠯᠬᠦ ᠡᠷᠬᠢᠯᠡᠭᠴᠢ ᠪᠣᠯᠣᠨ᠎ᠠ᠃ ᠲᠡᠷᠡ ᠮᠠᠨᠢ ᠰᠤᠷᠭᠠᠨ ᠬᠥᠮᠦᠵᠢᠯ ᠤᠨ ᠦᠢᠯᠡᠰ ᠢ ᠡᠷᠬᠢᠯᠡᠭᠡᠳ ᠠᠷᠪᠠᠨ ᠭᠤᠷᠪᠠᠨ ᠵᠢᠯ ᠤᠨ ᠨᠢᠭᠤᠷ ᠢ ᠥᠵᠡᠵᠦ᠂ ᠥᠪᠡᠷ ᠤᠨ ᠬᠦᠰᠡᠯᠡᠩ ᠪᠠ ᠢᠲᠡᠭᠡᠯ ᠵᠣᠷᠢᠭ ᠢᠶᠠᠨ ᠰᠤᠷᠭᠠᠨ ᠬᠥᠮᠦᠵᠢᠯ ᠳᠤ ᠠᠭᠤᠰᠤᠯᠴᠠᠭᠤᠯᠤᠨ᠂ ᠵᠠᠯᠠᠭᠤ ᠽᠠᠨᠳᠠᠨ ᠨᠠᠰᠤ ᠪᠠᠨ ᠰᠤᠷᠭᠠᠨ ᠬᠥᠮᠦᠵᠢᠯ ᠤᠨ ᠦᠢᠯᠡᠰ ᠲᠤ ᠬᠠᠷᠠᠮ ᠦᠭᠡᠢ ᠵᠣᠷᠢᠭᠤᠯᠵᠤ ᠶᠠᠪᠣᠭᠰᠠᠨ᠎ᠠ 2022 ᠣᠨ ᠤ 4 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷ ᠢᠶᠠᠷ ᠦᠨᠡᠯᠡᠭᠳᠡᠪᠡ᠃      ᠰᠤᠷᠭᠠᠨ ᠬᠦᠮᠦᠵᠢᠯ ᠤᠨ ᠮᠥᠷ ᠢ ᠬᠦᠭᠡᠭᠡᠭᠰᠡᠨ ᠠᠴᠠ ᠨᠠᠰᠢ᠂ ᠲᠡᠷᠡ ︽ᠬᠠᠶᠢᠷ᠎ᠠ ᠪᠠᠷ ᠦᠨᠳᠦᠰᠦ       ᠪᠣᠯᠭᠠᠬᠤ︾ ᠶᠢ ᠢᠮᠠᠭᠲᠠ ᠪᠠᠷᠢᠮᠲᠠᠯᠠᠵᠤ᠂ ᠳᠤᠳᠤᠭᠠᠳᠤ ᠰᠡᠳᠬᠢᠯ ᠠᠴᠠ ᠤᠨᠳᠤᠷᠤᠭ᠎ᠠ ᠡᠬᠡ ᠶᠢᠨ ᠬᠠᠶᠢᠷ᠎ᠠ ᠠᠳᠠᠯᠢ  ᠪᠠᠷ ᠬᠡᠦᠬᠡᠳ ᠨᠢᠭᠡᠪᠦᠷᠢ ᠶᠢ ᠢᠪᠡᠭᠡᠨ ᠬᠠᠶᠢᠷᠠᠯᠠᠵᠦ᠂ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠶᠠᠪᠤᠴᠠ ᠳᠤ  ᠪᠠᠨ ᠬᠡᠵᠢᠶᠡᠳᠡ ᠡᠶᠡᠯᠳᠡᠭ ᠵᠥᠭᠡᠯᠡᠨ᠂ ᠪᠠᠶᠠᠷ ᠪᠠᠶᠠᠰᠣᠩᠭᠤᠢ ᠣᠪᠣᠷ ᠢᠶᠠᠷ ᠠᠵᠢᠯ ᠳᠠᠭᠠᠨ ᠬᠠᠨᠳᠤᠵᠤ᠂ ᠶᠠᠮᠠᠷ ᠠᠵᠢᠯ ᠬᠢᠪᠡᠯ ᠲᠡᠭᠦᠨ ᠢᠶᠠᠨ ᠬᠠᠶᠢᠷᠠᠯᠠᠵᠦ ᠬᠦᠨᠳᠦᠯᠡᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠠᠷᠴᠢᠮ ᠢ ᠥᠨᠡᠨᠬᠦ ᠪᠠᠷᠢᠮᠳᠠᠯᠠᠭᠰᠠᠭᠠᠷ ᠢᠷᠡᠵᠡᠢ᠃      ᠡᠵᠡᠨ᠎ᠡ ᠬᠤᠰᠢᠭᠤᠨ ᠤ ᠬᠡᠦᠬᠡᠳ ᠤᠨ ᠴᠡᠴᠡᠷᠯᠢᠭ ᠤᠨ ᠡᠪᠯᠡᠯ ᠤᠨ ᠡᠭᠦᠷ ᠤᠨ ᠱᠦᠵᠢ᠂ ᠨᠠᠮ ᠤᠨ ᠡᠭᠦᠷ ᠤᠨ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ᠂ ᠠᠰᠠᠷᠠᠨ ᠬᠥᠮᠥᠵᠢᠭᠦᠯᠬᠦ ᠡᠷᠬᠢᠯᠡᠭᠴᠢ ᠱᠤᠸᠠᠢ ᠰᠢᠶᠠ ᠠᠴᠠ᠂ ᠰᠢᠨ᠎ᠡ ᠴᠠᠭ ᠦᠶ᠎ᠡ ᠶᠢᠨ ᠵᠠᠯᠠᠭᠤ ᠪᠣᠯᠤᠭᠰᠠᠨ ᠤ ᠬᠤᠪᠢ ᠳᠤ᠂ ᠪᠢᠳᠡ ᠡᠨᠡ ᠰᠠᠶᠢᠬᠠᠨ ᠵᠠᠯᠠᠭᠤ ᠨᠠᠰᠤᠨ ᠳᠠᠭᠠᠨ ᠬᠠᠳᠠᠭᠤᠵᠢᠯᠲᠠᠢ ᠴᠢᠷᠮᠠᠶᠢᠨ ᠲᠡᠮᠡᠴᠡᠵᠦ᠂ ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠢᠶᠠᠨ ᠤᠯᠠᠮ ᠴᠢᠨᠠᠭᠰᠢᠳᠠ  ᠪᠠᠳᠠᠷᠠᠭᠤᠯᠬᠤ ᠭᠡᠷᠡᠭᠳᠡᠢ ᠭᠡᠵᠦ ᠪᠠᠶᠢᠯ᠎ᠠ᠃      ᠱᠤᠸᠠᠢ ᠰᠢᠶᠠ ᠠᠩᠭᠢ ᠶᠢᠨ ᠡᠷᠬᠢᠯᠡᠭᠴᠢ ᠪᠠ ᠵᠢᠭᠠᠨ ᠰᠤᠳᠤᠯᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠬᠤᠭᠤᠴᠠᠭᠠᠨ ᠳᠠᠭᠠᠨ ᠥᠷᠬᠦᠯᠵᠢ ᠵᠢᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠵᠤ᠂ ᠵᠢᠭᠠᠬᠤ ᠠᠷᠭ᠎ᠠ ᠪᠠᠨ ᠰᠢᠨᠠᠴᠢᠯᠡᠨ᠂ ᠵᠢᠭᠠᠨ ᠰᠤᠷᠭᠠᠯᠲᠠ ᠶᠢᠨ ᠤᠨᠤᠯ ᠤᠨ ᠰᠤᠷᠤᠯᠴᠠᠯᠭ᠎ᠠ ᠪᠠᠨ ᠲᠠᠰᠤᠷᠠᠯᠳᠠ ᠦᠬ᠋ᠡᠢ ᠴᠢᠩᠭᠠᠳᠬᠠᠳᠠᠭ᠃ ᠡᠬᠦᠨ ᠳᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠵᠤ᠂ ᠲᠡᠷᠢᠭᠦᠨ ᠤ ᠪᠠᠭᠰᠢ ᠶᠢᠨ ᠵᠢᠭᠠᠨ ᠰᠤᠷᠭᠠᠯᠲᠠ ᠶᠢᠨ ᠲᠤᠷᠰᠢᠯᠭ᠎ᠠ ᠶᠢ ᠢᠳᠡᠪᠬᠢᠲᠡᠢ ᠰᠢᠩᠭᠡᠬᠡᠨ ᠠᠪᠴᠤ᠂ ᠰᠢᠨ᠎ᠡ ᠬᠡᠪ ᠴᠢᠨᠠᠷ ᠤᠨ ᠰᠤᠷᠭᠠᠨ ᠬᠥᠮᠦᠵᠢᠯ ᠤᠨ ᠱᠠᠭᠠᠷᠳᠠᠯᠭ᠎ᠠ ᠳᠤ ᠵᠣᠬᠢᠴᠠᠭᠤᠯᠬᠤ ᠪᠠᠷ᠂ ᠲᠡᠷᠡ ᠮᠠᠨᠢ ᠬᠠᠵᠠᠭᠤ ᠶᠢᠨ ᠵᠠᠯᠠᠭᠤ ᠨᠥᠬᠦᠳ ᠢᠶᠠᠨ ᠬᠠᠯᠠᠮᠵᠢᠯᠠᠨ ᠨᠥᠯᠥᠭᠡᠯᠡᠵᠦ᠂ ᠲᠤᠬᠠᠶᠢᠯᠠᠭᠰᠠᠨ ᠠᠵᠢᠯ ᠤᠨ ᠲᠠᠯ᠎ᠠ ᠪᠤᠶᠤ ᠠᠮᠢᠳᠤᠷᠠᠯ ᠤᠨ ᠲᠠᠯ᠎ᠠ ᠪᠠᠷ ᠥᠷᠬᠦᠯᠵᠢ ᠬᠠᠪᠰᠤᠷᠤᠨ ᠵᠢᠯᠣᠭᠤᠳᠣᠳᠠᠭ ᠪᠠᠶᠢᠨ᠎ᠠ᠃      ᠱᠤᠸᠠᠢ ᠰᠢᠶᠠ ᠠᠴᠠ᠂ ᠵᠠᠯᠠᠭᠤ ᠨᠢᠭᠡ ᠦᠶ᠎ᠡ ᠶᠢᠨ ᠬᠢᠨ ᠬᠦᠰᠡᠯᠡᠩ ᠲᠠᠢ᠂ ᠬᠠᠷᠢᠭᠤᠴᠠᠯᠭ᠎ᠠ ᠲᠠᠢ ᠪᠠᠶᠢᠪᠠᠯ ᠤᠯᠤᠰ ᠣᠷᠣᠨ ᠢᠷᠡᠭᠡᠳᠦᠢ ᠲᠠᠢ᠂ ᠦᠨᠳᠦᠰᠦᠲᠡᠨ ᠬᠦᠰᠡᠯ ᠡᠷᠡᠮᠡᠯᠵᠡᠯ ᠲᠠᠢ ᠪᠣᠯᠵᠤ ᠴᠢᠳᠠᠨ᠎ᠠ᠃ ᠡᠨᠡ ᠪᠣᠯ       ᠪᠠᠰᠠ ᠴᠤ ᠮᠢᠨᠤ ᠲᠠᠰᠤᠷᠠᠯᠲᠠ ᠦᠭᠡᠢ ᠤᠷᠤᠭᠰᠢᠯᠠᠬᠤ ᠶᠢᠨ ᠬᠦᠳᠡᠯᠭᠡᠭᠴᠢ ᠬᠦᠴᠦᠨ ᠮᠥᠨ᠂ ᠬᠤᠶᠢᠰᠢᠳᠠ ᠶᠢᠨ ᠠᠵᠢᠯ ᠲᠠᠭᠠᠨ ᠪᠢ ᠴᠠᠭ ᠲᠤᠬᠠᠢ ᠳᠤᠨᠢ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ ᠦᠢᠯᠡᠳᠦᠯᠭᠡ ᠶᠢᠨ ᠳᠤᠮᠳᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠣᠨ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠬᠦᠯᠬᠦ ᠶᠢᠨ ᠵᠡᠷᠭᠡᠪᠡᠷ ᠪᠠᠰᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠬᠦᠯᠵᠦ᠂ ᠦᠨᠡᠨ ᠢ ᠪᠠᠷᠢᠮᠲᠠᠯᠠᠨ ᠪᠤᠳᠠᠳᠠᠢ ᠶᠢ ᠡᠷᠬᠢᠮᠯᠡᠵᠦ᠂ ᠦᠷᠭᠦᠯᠵᠢ ᠥᠪᠡᠷ ᠤᠨ ᠪᠡᠶ᠎ᠡ ᠪᠠᠨ ᠴᠢᠩᠭ᠎ᠠ ᠱᠠᠭᠠᠷᠳᠠᠨ᠂ ᠰᠤᠷᠤᠯᠴᠠᠯᠭ᠎ᠠ ᠶᠢ ᠴᠢᠩᠭᠠᠳᠬᠠᠵᠤ᠂ ᠨᠡᠩ ᠰᠠᠶᠢᠨ ᠲᠦᠷᠢ ᠪᠠᠶᠢᠳᠠᠯ ᠢᠶᠠᠷ ᠢᠷᠡᠭᠡᠳᠦᠢ ᠶᠢᠨ ᠥᠷᠢᠰᠦᠯᠳᠦᠭᠡᠨ ᠨᠢᠭᠡᠪᠦᠷᠢ ᠶᠢ ᠤᠭᠳᠤᠵᠤ ᠠᠪᠣᠨ᠎ᠠ ᠭᠡᠪᠡ᠃      ᠵᠢᠭᠠᠨ ᠰᠤᠷᠭᠠᠯᠲᠠ ᠶᠢᠨ ᠲᠠᠯ᠎ᠠ ᠪᠠᠷ᠂ ᠲᠡᠷᠡ ᠮᠠᠨᠢ ᠬᠡᠦᠬᠡᠳ ᠤᠨ ᠳᠤᠷ᠎ᠠ ᠰᠣᠨᠢᠷᠬᠠᠯᠲᠠᠢ ᠲᠠᠢ ᠣᠯᠠᠨ ᠵᠠᠭᠤᠴᠢᠯᠠᠭᠤᠷ ᠢ ᠠᠰᠢᠭᠯᠠᠨ ᠵᠢᠭᠠᠨ ᠰᠤᠷᠭᠠᠯᠲᠠ ᠬᠢᠵᠦ᠂ ᠴᠢᠳᠠᠬᠤ ᠶᠢᠨ ᠬᠢᠷᠢ ᠪᠠᠷ ᠲᠡᠷᠢᠭᠦᠨ ᠤ ᠵᠢᠭᠠᠨ ᠰᠤᠷᠭᠠᠯᠲᠠ ᠶᠢᠨ ᠦᠵᠡᠯᠲᠡ ᠶᠢ ᠵᠢᠭᠠᠨ ᠰᠤᠷᠭᠠᠯᠲᠠ ᠶᠢᠨ ᠠᠵᠢᠯ ᠳᠠᠭᠠᠨ ᠠᠭᠤᠰᠬᠠᠨ ᠣᠷᠣᠭᠤᠯᠬᠤ ᠪᠠᠷ ᠴᠢᠷᠮᠠᠶᠢᠨ ᠠᠵᠢᠯᠯᠠᠨ᠎ᠠ᠃ ᠴᠢᠷᠮᠠᠶᠢᠯᠭ᠎ᠠ ᠬᠦᠮᠦᠨ ᠢ ᠭᠤᠮᠤᠳᠠᠭᠠᠳᠠᠬᠤ ᠦᠭᠡᠢ ᠭᠡᠳᠡᠭ ᠢᠶᠠᠷ᠂ ᠲᠡᠷᠡ ᠮᠠᠨᠢ 2011 ᠣᠨ ᠤ     1 ᠳ᠋ᠦ᠋ᠭᠡᠷ ᠰᠠᠷ᠎ᠠ ᠳᠤ ᠳᠣᠯᠣᠳᠤᠭᠠᠷ ᠬᠤᠭᠤᠴᠠᠭᠠᠨ ᠤ ︽ᠠᠯᠲᠠᠨ ᠣᠳᠣᠨ ᠬᠤᠨᠳᠠᠭᠠᠲᠤ︾ ᠪᠦᠬᠦ ᠤᠯᠤᠰ ᠤᠨ ᠪᠠᠭᠠᠴᠤᠳ ᠬᠡᠦᠬᠡᠳ ᠤᠨ ᠤᠷᠠᠨ ᠪᠢᠴᠢᠯᠭᠡ᠂ ᠭᠡᠷᠡᠯ ᠵᠢᠷᠤᠭ ᠂ ᠵᠣᠬᠢᠶᠠᠨ ᠪᠢᠴᠢᠯᠭᠡ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠴᠡᠴᠡᠷᠯᠢᠭᠴᠢ ᠶᠢᠨ ᠱᠠᠩᠨᠠᠯ ᠢ ᠬᠦᠷᠲᠡᠵᠦ᠂᡽2016 ᠣᠨ ᠤ 10 ᠳ᠋ᠤᠭᠠᠷ ᠰᠠᠷ᠎ᠠ ᠳᠤ       ︽ᠠᠷᠪᠠᠨ ᠭᠤᠷᠪᠠᠳᠤᠭᠠᠷ ᠲᠠᠪᠤᠨ ᠵᠢᠯ ᠤᠨ ᠪᠥᠬᠦ ᠤᠯᠤᠰ ᠤᠨ ᠰᠢᠨ᠎ᠡ ᠪᠠᠶᠢᠳᠠᠯ ᠤᠨ ᠳᠣᠣᠷᠠᠬᠢ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠣᠨᠣᠯ ᠬᠢᠭᠡᠳ ᠦᠢᠯᠡᠳᠦᠯᠭᠡ ᠶᠢᠨ ᠶᠠᠷᠢᠶᠠᠨ ᠤ ᠲᠠᠪᠴᠠᠩ︾ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ︔ 2017 ᠣᠨ ᠤ 6 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠳᠡᠰ ᠢ ᠬᠦᠷᠲᠡᠵᠦ᠂ 2018 ᠣᠨ ᠤ 5 ᠰᠠᠷ᠎ᠠ ᠳᠤ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠨᠠᠭᠠᠳᠤᠮ ᠤᠨ ︽ᠬᠢᠴᠢᠶᠡᠯ ᠤᠨ ᠬᠡᠷᠡᠭᠰᠡᠯ ᠦᠶᠯᠡᠳᠬᠦ ᠳᠤᠭᠤᠶᠢᠯᠠᠩ︾ ᠤᠨ ᠳᠣᠲᠣᠷᠠᠬᠢ ᠥᠪᠡᠷ ᠢᠶᠠᠨ ᠦᠢᠯᠡᠳᠦᠭᠰᠡᠨ ᠬᠢᠴᠢᠶᠡᠯ ᠤᠨ ᠬᠡᠷᠡᠭᠰᠡᠯ ᠪᠣᠯᠬᠤ ︽ᠡᠯᠡᠰᠦᠨ ᠵᠢᠷᠤᠭ ᠤᠨ ᠳᠠᠶᠢᠰᠠ︾ ᠨᠢ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ︔ 2019 ᠣᠨ ᠤ 5 ᠳ᠋ᠤᠭᠠᠷ ᠰᠠᠷ᠎ᠠ ᠳᠤ ᠵᠢᠷᠤᠭᠠᠰᠤ ᠶᠢᠨ ᠵᠢᠷᠤᠭ       ︽ᠲᠣᠭᠤᠰ︾ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠣᠨᠴᠠ ᠲᠠᠰ ᠤᠨ ᠱᠠᠩᠨᠠᠯ ᠢ ᠬᠦᠷᠲᠡᠵᠦ᠂  ᠣᠯᠠᠨ ᠤ ᠳᠣᠮᠳᠠ ᠠᠴᠠ ᠣᠷᠣᠶᠢᠯᠠᠵᠦ᠂ ᠠᠮᠵᠢᠯᠲᠠ ᠳᠦᠭᠦᠷᠡᠩ ᠠᠵᠢᠯᠯᠠᠨ᠎ᠠ᠃      ᠱᠤᠸᠠᠢ ᠰᠢᠶᠠ ᠠᠴᠠ᠂ ᠦᠨᠳᠦᠰᠦᠨ ᠱᠠᠲᠤᠨ ᠤ ᠡᠪᠯᠡᠯ ᠤᠨ ᠡᠭᠦᠷ ᠤᠨ ᠱᠦᠵᠢ ᠪᠣᠯᠤᠭᠰᠠᠨ ᠤ ᠬᠤᠪᠢ ᠳᠤ᠂ ᠪᠢ ᠡᠨᠡ ᠤᠳᠠᠭᠠᠨ ᠤ ᠬᠥᠬᠢᠭᠦᠯᠦᠯ ᠢ ᠣᠯᠣᠭᠰᠠᠨ ᠳᠠᠭᠠᠨ ᠮᠠᠰᠢ ᠠᠵᠠ ᠲᠠᠢ ᠭᠡᠵᠦ ᠪᠣᠳᠤᠵᠤ ᠪᠠᠶᠢᠨ᠎ᠠ᠃ ᠡᠨᠡ ᠤᠳᠠᠭ᠎ᠠ ᠶᠢᠨ ᠬᠥᠬᠢᠭᠦᠯᠦᠯ ᠨᠢ ᠨᠠᠳᠠ ᠳᠤ ᠠᠪᠴᠤ ᠬᠡᠯᠡᠪᠡᠯ᠂ ᠮᠢᠨᠤ ᠠᠵᠢᠯ ᠳᠤ ᠨᠤᠲᠠᠯᠠᠯᠲᠠ ᠪᠣᠯᠬᠤ ᠮᠥᠷᠲᠡᠭᠡᠨ ᠬᠤᠶᠢᠰᠢᠳᠠ ᠶᠢᠨ ᠠᠵᠢᠯ ᠳᠤ  ᠵᠣᠷᠢᠭᠵᠢᠭᠤᠯᠣᠯ ᠪᠠ ᠬᠦᠳᠡᠯᠭᠡᠭᠴᠢ ᠬᠦᠴᠦᠨ ᠪᠣᠯᠬᠤ ᠶᠣᠮ ᠭᠡᠪᠡ᠃  
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号